ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠲᠤᠭ᠎ᠠ ᠪᠦᠷᠢᠳᠬᠡᠯ ᠤᠨ ᠲᠣᠪᠴᠢᠶᠠᠨ ᠳᠤ ᠬᠦᠷᠴᠦ ᠪᠥᠬᠦ ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2023/8/17
      ᠬᠤᠷᠢᠨᠭᠡᠷ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠮᠠᠨ ᠤ ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ 8 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠦᠷᠴᠦ ᠪᠥᠬᠦ ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠪᠠᠷ᠎ᠠ ᠪᠣᠯᠵᠣ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠳᠤᠷᠢᠳᠬᠤ ᠪᠠᠭ᠂ ᠪᠠᠶᠢᠴᠠᠭᠠᠯᠲᠠ ᠶᠢᠨ ᠬᠤᠪᠢᠶᠠᠷᠢ ᠲᠥᠪ᠂ ᠵᠠᠩᠭᠢᠯᠠᠭ᠎ᠠ ᠶᠢᠨ ᠺᠠᠳ᠋ᠷ ᠬᠤᠷᠠᠯ ᠳᠤ ᠣᠷᠤᠯᠴᠠᠪᠠ᠃      ᠬᠤᠷᠠᠯ ᠳᠡᠭᠡᠷ᠎ᠡ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠭᠤᠣ ᠹᠧᠩ ᠳᠤ ᠪᠦᠬᠦ ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠠᠵᠢᠯ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠡᠭᠦᠨ ᠳᠤ ᠭᠤᠣᠯᠳᠠᠭᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠬᠤ᠂ ᠬᠤᠶᠠᠷ ᠠᠵᠢᠯᠳᠠᠨ ᠢ ᠰᠣᠩᠭᠤᠨ ᠤᠷᠢᠬᠤ᠂ ᠠᠵᠢᠯ ᠤᠨ ᠠᠬᠢᠴᠠ᠂ ᠤᠬᠠᠭᠤᠯᠭ᠎ᠠ ᠶᠢᠨ ᠠᠵᠢᠯ ᠵᠡᠷᠭᠡ ᠠᠭᠤᠯᠭ᠎ᠠ ᠶᠢ ᠪᠠᠭᠲᠠᠭᠠᠵᠤ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠬᠠᠷᠢᠭᠤ ᠲᠤᠰᠬᠠᠬᠤ ᠶᠢᠨ ᠬᠠᠮᠲᠤ ᠲᠦᠭᠦᠮ ᠲᠣᠳᠣᠷᠬᠠᠶᠢᠯᠠᠯᠲᠠ ᠬᠢᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ᠂ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠨᠠᠷᠢᠨ ᠨᠢᠭᠲᠠ ᠬᠠᠷᠢᠭᠤ ᠮᠡᠳᠡᠭᠦᠯᠦᠯᠲᠡ ᠬᠢᠵᠦ᠂ ᠤᠯᠤᠰ ᠤᠨ ᠢᠯᠭᠠᠷᠠᠭᠤᠯᠤᠨ ᠪᠠᠶᠢᠴᠠᠭᠠᠬᠤ ᠠᠵᠢᠯ ᠪᠣᠯᠤᠨ ᠤᠬᠠᠭᠤᠯᠭ᠎ᠠ ᠵᠡᠷᠭᠡ ᠲᠠᠯ᠎ᠠ ᠶᠢᠨ ᠪᠣᠳᠠᠲᠠᠢ ᠵᠦᠢᠯᠡᠰ ᠢ ᠭᠤᠣᠯᠳᠠᠯᠭ᠎ᠠ ᠲᠠᠢ ᠴᠢᠬᠤᠯᠠᠴᠢᠯᠠᠭᠰᠠᠨ ᠪᠠᠶᠢᠨ᠎ᠠ᠃      ᠭᠤᠤ ᠹᠧᠩ ᠴᠢᠬᠤᠯᠠᠴᠢᠯᠠᠬᠤ ᠳᠠᠭᠠᠨ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠪᠣᠯ ᠰᠢᠨ᠎ᠡ ᠴᠠᠭ ᠦᠶ᠎ᠡ ᠶᠢᠨ ᠤᠯᠤᠰ ᠤᠨ ᠠᠵᠤ ᠠᠬᠤᠶ ᠶᠢᠨ ᠨᠢᠭᠡᠨ ᠤᠳᠠᠭᠠᠨ ᠤ ᠪᠡᠶ᠎ᠡ ᠶᠢᠨ ᠪᠠᠶᠢᠴᠠᠭᠠᠯᠲᠠ ᠮᠦᠨ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠨᠢ ᠰᠢᠶᠠᠨ ᠤ ᠠᠵᠤ ᠠᠬᠤᠶ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠮᠠᠨ ᠤ ᠰᠢᠶᠠᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠪᠣᠳᠠᠲᠤ ᠪᠠᠶᠢᠳᠠᠯ ᠢ ᠡᠵᠡᠮᠰᠢᠵᠦ᠂ ᠪᠥᠬᠦ ᠰᠢᠶᠠᠨ ᠤ ᠠᠵᠤ ᠠᠬᠤᠶ ᠶᠢᠨ ᠪᠥᠬᠦ ᠪᠠᠶᠢᠳᠠᠯ ᠢ ᠦᠨᠡᠨ ᠮᠥᠨ ᠢᠶᠠᠷ ᠨᠢ ᠲᠤᠰᠬᠠᠬᠤ ᠬᠡᠷᠡᠭᠲᠡᠶ᠂ ᠡᠨᠡ ᠨᠢ ᠬᠤᠷᠢᠨᠭᠡᠷ ᠰᠢᠶᠠᠨ ᠤ ᠢᠷᠡᠭᠡᠳᠦᠶ ᠶᠢᠨ ᠠᠵᠤ ᠠᠬᠤᠶ ᠶᠢᠨ ᠬᠥᠭᠵᠢᠯᠲᠡ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ︽ᠬᠤᠶᠠᠷ ᠠᠵᠢᠯᠲᠠᠨ︾ ᠤ ᠡᠩᠨᠡᠭᠡ ᠶᠢᠨ ᠬᠦᠴᠦᠨ ᠤ ᠵᠠᠷᠤᠳᠠᠯ ᠢ ᠨᠠᠶᠢᠳᠠᠪᠤᠷᠢᠵᠢᠭᠤᠯᠬᠤ ᠠᠵᠢᠯ ᠢ ᠡᠷᠬᠡᠪᠰᠢ ᠪᠠᠲᠤᠯᠠᠬᠤ ᠬᠡᠷᠡᠭᠲᠡᠶ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠭᠡᠷ ᠤᠨ ᠪᠡᠯᠡᠳᠬᠡᠯ ᠠᠵᠢᠯ ᠤᠨ ᠳᠤᠭᠤᠶᠢᠯᠠᠩ ᠤᠨ ᠬᠢᠨ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠠᠵᠢᠯ ᠤᠨ ᠱᠠᠭᠠᠷᠳᠠᠯᠭ᠎ᠠ ᠪᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠵᠠᠰᠠᠭ ᠤᠨ ᠣᠷᠳᠣᠨ ᠠᠴᠠ ᠰᠢᠶᠠᠨ ᠤ ᠰᠢᠮᠳᠠᠭᠤᠯᠤᠨ ᠪᠠᠶᠢᠴᠠᠭᠠᠬᠤ ᠠᠯᠪᠠᠨ ᠬᠡᠷ᠂ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠰᠠᠯᠠᠭ᠎ᠠ ᠮᠥᠴᠢᠷ ᠲᠠᠢ ᠵᠣᠬᠢᠴᠠᠭᠤᠯᠤᠨ ᠪᠥᠬᠦ ᠰᠢᠶᠠᠨ ᠤ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠳᠤ ᠬᠢᠨᠠᠯᠲᠠ ᠲᠠᠯᠪᠢᠬᠤ᠂ ᠤᠬᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠰᠢᠶᠠᠨ ᠢᠶᠠᠷ ᠢᠶᠠᠨ ︽ᠨᠢᠭᠡ ᠬᠥᠯᠭᠡ ᠰᠢᠲᠠᠷ᠎ᠠ︾ ᠪᠠᠷ ᠬᠠᠮᠲᠤᠪᠠᠷ ᠳᠥᠯᠭᠢᠨ ᠠᠬᠢᠭᠤᠯᠬᠤ ᠶᠢ ᠪᠡᠶᠡᠯᠡᠭᠦᠯᠵᠦ᠂ ᠪᠥᠬᠦ ᠰᠢᠶᠠᠨ ᠤ ᠲᠠᠪᠤᠨ ᠠᠵᠤ ᠠᠬᠤᠶ ᠶᠢ ᠲᠦᠭᠡᠮᠡᠯᠵᠢᠭᠦᠯᠬᠦ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ