ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠨᠭᠡᠷ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 85 ᠳ᠋ᠤᠭᠠᠷ ᠬᠤᠷᠠᠯ ᠵᠢᠴᠢ ᠪᠦᠬᠦ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/17
      8 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠨᠭᠡᠷ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 85 ᠳ᠋ᠤᠭᠠᠷ ᠤᠳᠠᠭ᠎ᠠ ᠶᠢᠨ ᠬᠤᠷᠠᠯ ᠵᠢᠴᠢ ᠪᠦᠬᠦ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠵᠠᠷᠯᠠᠯ ᠤᠨ ᠵᠣᠷᠢᠭ ᠰᠠᠨᠠᠭ᠎ᠠ᠂ ᠪᠦᠬᠦ ᠬᠤᠳᠠ ᠶᠢᠨ ᠵᠧᠵᠢᠶᠠᠩ ᠤᠨ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠲᠤᠭᠤᠰᠢᠯᠠᠭᠤᠯᠬᠤ ᠠᠵᠢᠯ ᠤᠨ ᠪᠣᠯᠪᠠᠰᠤᠷᠠᠭᠤᠯᠤᠯ ᠵᠢᠴᠢ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠪᠦᠬᠦ ᠰᠢᠶᠠᠨ ᠤ ᠭᠤᠣᠯᠳᠠᠯᠭ᠎ᠠ ᠲᠠᠢ ᠲᠦᠷᠥᠯ ᠵᠦᠢᠯ ᠤᠨ ᠠᠵᠢᠯ ᠢ ᠰᠤᠳᠤᠯᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠴᠠᠭ ᠢᠮᠠᠭᠲᠠ ᠰᠠᠨᠠᠭᠠᠰᠢᠷᠠᠵᠤ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠠᠳᠬᠤᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠡᠷᠡᠰ ᠬᠠᠮᠠᠭᠠᠯᠠᠬᠤ ᠬᠡᠷᠡᠭᠲᠡᠢ︔ ᠰᠤᠷᠲᠠᠯ ᠤᠨ ᠪᠠᠶᠢᠭᠤᠯᠤᠯᠲᠠ ᠶᠢ ᠰᠢᠨᠲᠠᠷᠠᠰᠢ ᠦᠭᠡᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ︽ᠳᠤᠷ᠎ᠠ ᠲᠠᠪᠠ ᠪᠠᠷ ᠢᠶᠠᠨ ᠶᠠᠷᠢᠬᠤ︾ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠵᠤ᠂ ᠮᠠᠨ ᠤ ᠰᠢᠶᠠᠨ ᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠨᠠᠷᠢᠨ ᠬᠢᠨᠠᠮᠠᠭᠠᠢ ᠵᠠᠳᠠᠯᠤᠨ ᠰᠤᠳᠤᠯᠵᠤ ᠮᠠᠭᠠᠳᠯᠠᠵᠤ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠤᠰᠠᠳᠬᠠᠬᠤ ᠪᠠᠷ ᠴᠢᠷᠮᠠᠶᠢᠬᠤ ᠬᠡᠷᠡᠭᠲᠡᠢ︔ ᠵᠧᠵᠢᠶᠠᠩ ᠤᠨ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠠᠷᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠯᠢᠳᠠᠵᠤ᠂ ᠬᠤᠳᠠ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ ᠰᠢᠶᠠᠨ ᠤ ᠬᠥᠳᠡᠭᠡ ᠲᠣᠰᠬᠤᠨ ᠢ ᠵᠣᠯ ᠵᠢᠷᠭᠠᠯ ᠲᠠᠢ ᠪᠠᠶᠠᠨ ᠴᠢᠨᠡᠭᠡᠯᠢᠭ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠪᠣᠯᠭᠠᠨ ᠪᠦᠳᠦᠬᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠶᠢ ᠲᠤᠪᠤᠶᠢᠯᠭᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠢ ᠦᠨᠡᠨᠬᠦ ᠴᠢᠩᠭ᠎ᠠ ᠠᠳᠬᠤᠵᠤ᠂ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠠᠬᠢᠭᠤᠯᠬᠤ ᠠᠶᠢᠵᠠᠮ ᠤᠨ ᠲᠠᠯ᠎ᠠ ᠪᠠᠷ ᠬᠤᠷᠳᠤᠴᠠ ᠪᠠᠨ ᠲᠠᠬᠢᠨ ᠲᠦᠷᠭᠡᠳᠬᠡᠵᠦ᠂ ᠵᠢᠷᠤᠭ ᠡᠯᠭᠦᠵᠦ ᠪᠠᠶᠢᠯᠳᠤᠭᠠᠨ ᠬᠢᠵᠦ᠂ ᠠᠬᠢᠭᠤᠯᠬᠤ ᠲᠥᠯᠥᠪᠯᠡᠭᠡ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ ᠬᠡᠷᠡᠭᠲᠡᠢ᠃ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠲᠦᠷᠦᠯ ᠵᠦᠢᠯ ᠢ ᠠᠳᠬᠤᠨ ᠦᠢᠯᠡᠴᠢᠯᠡᠭᠡ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠪᠣᠭᠤᠳᠠᠯᠯᠠᠬᠤ᠂ ᠪᠡᠯᠡ ᠮᠥᠩᠭᠦ ᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠴᠢᠨᠠᠷ ᠰᠠᠶᠢᠲᠠᠢ ᠲᠦᠷᠦᠯ ᠵᠦᠢᠯ ᠢᠶᠠᠷ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ