2023 ᠣᠨ ᠤ ᠭᠤᠴᠢᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠡᠬᠢᠯᠡᠪᠡ
ᠨᠡᠶᠢᠲᠡᠯᠡᠭᠰᠡᠨ ᠴᠠᠭ᠄
2023/8/17
20230817.jpg
      8 ᠳ᠋ᠤᠭᠠᠷ ᠰᠠᠷ᠎ᠠ ᠶᠢᠨ 16 ᠤ ᠡᠳᠦᠷ᠂ 2023 ᠣᠨ ᠤ ᠭᠤᠴᠢᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ᠃      ᠲᠤᠰ ᠬᠤᠭᠤᠴᠠᠭᠠᠨ ᠤ ᠦᠵᠡᠰᠬᠦᠯᠡᠩ ᠨᠢ ︽ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠭᠡᠳᠡᠭ ᠢᠶᠠᠷ ᠰᠡᠳᠦᠪᠯᠡᠵᠦ᠂ ︽ᠦᠷ᠎ᠡ ᠪᠦᠲᠦᠭᠡᠯ ᠢ ᠳᠡᠯᠭᠡᠨ ᠦᠵᠡᠭᠦᠯᠬᠦ᠂ ᠰᠣᠯᠢᠯᠴᠠᠭ᠎ᠠ ᠶᠢ ᠠᠬᠢᠭᠤᠯᠬᠤ᠂ ᠬᠠᠮᠲᠤᠷᠠᠯᠴᠠᠭ᠎ᠠ ᠶᠢ ᠠᠬᠢᠭᠤᠯᠬᠤ᠂ ᠲᠠᠷᠢᠶᠠᠯᠠᠩ ᠳᠤ ᠦᠢᠯᠡᠴᠢᠯᠡᠬᠦ︾ ᠦᠵᠡᠰᠬᠦᠯᠡᠩ ᠡᠷᠬᠢᠯᠡᠬᠦ ᠵᠣᠷᠢᠯᠲᠠ ᠶᠢ ᠪᠠᠷᠢᠮᠲᠠᠯᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠤᠰᠤ ᠠᠷᠪᠢᠯᠠᠬᠤ ᠤᠰᠤᠯᠠᠯᠲᠠ᠂ ᠬᠦᠯᠡᠮᠵᠢ ᠶᠢᠨ ᠲᠥᠬᠦᠭᠡᠷᠦᠮᠵᠢ᠂ ᠣᠶᠤᠨᠲᠤ ᠲᠠᠷᠢᠶᠠᠯᠠᠩ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ᠂ ᠪᠣᠬᠢᠷᠲᠤᠯ ᠦᠭᠡᠢ ᠲᠠᠷᠢᠶᠠᠯᠠᠩ ᠣᠶ ᠰᠢᠭᠤᠢ ᠶᠢᠨ ᠪᠦᠲᠦᠭᠡᠭᠳᠡᠬᠦᠨ ᠵᠡᠷᠭᠡ ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ᠪᠥᠬᠦ ᠤᠯᠤᠰ ᠤᠨ 25 ᠮᠤᠵᠢ ᠬᠤᠲᠠ ᠥᠪᠡᠷᠲᠡᠭᠡᠨ ᠵᠠᠰᠠᠬᠤ ᠣᠷᠣᠨ ᠤ 800 ᠭᠠᠷᠤᠢ ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠤᠰᠤᠨ ᠤ ᠲᠥᠷᠥᠯ ᠤᠨ ᠠᠵᠤ ᠠᠬᠤᠶᠢᠯᠠᠯ ᠦᠵᠡᠰᠬᠦᠯᠡᠩ ᠳᠤ ᠣᠷᠣᠯᠴᠠᠵᠤ᠂ 1200 ᠭᠠᠷᠤᠢ ᠦᠵᠡᠭᠦᠯᠦᠯᠭᠡ ᠶᠢᠨ ᠪᠠᠶᠢᠷᠢ ᠭᠠᠷᠭᠠᠵᠠᠢ᠂ ᠡᠭᠦᠨ ᠳᠤ ᠳᠡᠭᠡᠳᠦ ᠰᠢᠨ᠎ᠡ ᠮᠡᠷᠭᠡᠵᠢᠯ ᠤᠨ ᠲᠥᠷᠥᠯ ᠵᠦᠢᠯ 253᠂ ᠲᠤᠰᠬᠠᠢ ᠠᠰᠢᠭ ᠤᠨ ᠮᠡᠷᠭᠡᠵᠢᠯ ᠤᠨ ᠪᠦᠲᠦᠭᠡᠭᠳᠡᠬᠦᠨ 378 ᠪᠣᠶ᠃ ᠰᠤᠷᠪᠤᠯᠵᠢᠯᠠᠭᠴᠢ ᠮᠢᠶᠣᠣ ᠴᠢᠩ ᠳᠠᠳᠤᠯᠭ᠎ᠠ ᠶᠢᠨ ᠰᠤᠷᠤᠬᠴᠢ ᠵᠤᠤ ᠸᠧᠢ ᠴᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ