︵ᠰᠤᠷᠪᠤᠯᠵᠢᠯᠠᠭᠴᠢ ᠯᠢᠶᠠᠩ ᠵᠢᠩ ᠱᠤ᠋︶ 8 ᠳ᠋ᠤᠭᠠᠷ ᠰᠠᠷ᠎ᠠ ᠶᠢᠨ 16 ᠤ ᠡᠳᠦᠷ᠂ ᠪᠦᠬᠦ ᠬᠤᠳᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠰᠢᠶᠠᠨ ᠤ ᠬᠡᠪᠴᠢᠶᠡᠨ ᠤ ᠡᠮᠴᠢᠯᠡᠭᠡᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠬᠤᠷᠠᠯ ᠴᠢᠩ ᠱᠦᠢ ᠾᠧ ᠰᠢᠶᠠᠨ ᠳᠤ ᠬᠤᠷᠠᠯᠳᠤᠪᠠ᠃ ᠬᠤᠷᠠᠯ ᠳᠤ ᠣᠷᠣᠯᠴᠠᠭᠰᠠᠳ | ᠴᠢᠩ ᠱᠦᠢ ᠾᠧ ᠰᠢᠶᠠᠨ ᠤ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠶᠣᠣ ᠭᠧᠦ ᠳᠠᠬᠢ ᠬᠤᠪᠢᠶᠠᠷᠢ ᠬᠤᠷᠢᠶ᠎ᠠ᠂ ᠴᠢᠩ ᠱᠦᠢ ᠾᠧ ᠰᠢᠶᠠᠨ ᠤ ᠡᠮᠨᠡᠯᠭᠡ ᠶᠢᠨ | ᠬᠤᠷᠢᠶ᠎ᠠ ᠶᠢ ᠲᠣᠭᠤᠷᠢᠨ ᠦᠵᠡᠵᠦ᠂ ᠴᠢᠩ ᠱᠦᠢ ᠾᠧ ᠰᠢᠶᠠᠨ᠂ ᠦᠴᠦᠸᠠᠨ ᠰᠢᠶᠠᠨ ᠤ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠠᠷᠭ᠎ᠠ ᠬᠢᠳᠡᠯ ᠪᠣᠯᠣᠨ ᠲᠤᠷᠰᠢᠯᠭ᠎ᠠ ᠶᠢ ᠬᠠᠷᠢᠭᠤ ᠮᠡᠳᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠲᠠᠶᠢᠯᠪᠤᠷᠢᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ | ᠪᠠᠶᠢᠷᠢᠯᠠᠭᠤᠯᠵᠠᠢ᠃ | ᠣᠶᠢᠯᠠᠭᠠᠭᠰᠠᠨ ᠢᠶᠠᠷ᠂ ᠮᠠᠨ ᠤ ᠬᠤᠲᠠ ᠡᠨᠡ ᠵᠢᠯ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠪᠠ ᠴᠢᠨᠠᠷ ᠰᠠᠶᠢᠲᠠᠢ | ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠪᠠᠶᠢᠭᠤᠯᠤᠯᠲᠠ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ | ᠪᠠᠶᠢᠭᠤᠯᠤᠯᠲᠠ ᠪᠠ ᠠᠵᠢᠯᠯᠠᠭᠠᠨ ᠤ ᠲᠣᠭᠲᠠᠴᠠ ᠶᠢᠨ ᠥᠭᠡᠷᠡᠴᠢᠯᠡᠯᠲᠡ ᠰᠢᠨᠡᠴᠢᠯᠡᠯᠲᠡ ᠶᠢᠨ ᠭᠤᠷᠪᠠᠨ ᠶᠡᠭᠡ ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ | ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ | ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠶᠠᠰᠤ ᠴᠢᠨᠠᠷ ᠰᠠᠶᠢᠲᠠᠢ ᠴᠢᠳᠠᠪᠤᠷᠢᠲᠠᠨ ᠤ | ᠡᠩᠨᠡᠭᠡ ᠶᠢ ᠬᠥᠮᠥᠵᠢᠭᠦᠯᠦᠨ ᠪᠠᠶᠢᠭᠤᠯᠤᠨ᠎ᠠ︔ ᠬᠤᠲᠠ ᠶᠢᠨ ᠳᠥᠷᠪᠡᠨ ᠲᠣᠭᠤᠷᠢᠭ ᠬᠢᠭᠡᠳ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ | ᠬᠠᠮᠲᠤᠷᠠᠨ ᠡᠮᠨᠡᠯᠭᠡ ᠡᠷᠭᠢᠯᠡᠬᠦ ᠶᠢ ᠠᠬᠢᠭᠤᠯᠤᠨ᠎ᠠ︔ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ︔ ᠬᠤᠲᠠ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠲᠦᠷᠭᠡᠨ ᠡᠮᠨᠡᠬᠦ | ᠲᠦᠷᠭᠡᠨ ᠠᠪᠤᠷᠠᠬᠤ ᠲᠠᠪᠤᠨ ᠶᠡᠭᠡ ᠲᠥᠪ ᠤᠨ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ᠎ᠡ︔ ᠡᠮᠨᠡᠬᠦ ᠰᠡᠷᠭᠡᠶᠢᠯᠡᠬᠦ ᠶᠢ ᠠᠭᠤᠰᠤᠯᠴᠠᠭᠤᠯᠬᠤ | ᠲᠣᠭᠲᠠᠴᠠ ᠶᠢᠨ ᠪᠠᠶᠢᠭᠤᠯᠤᠯᠲᠠ ᠶᠢᠨ ᠠᠵᠢᠯ ᠳᠤ ᠰᠢᠨ᠎ᠡ ᠶᠢ ᠡᠭᠦᠳᠦᠨ᠎ᠡ︔ ᠬᠤᠲᠠ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠶᠢᠨ ᠭᠠᠳᠠᠨᠠᠬᠢ | ᠲᠦᠷᠭᠡᠨ ᠠᠪᠤᠷᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ | ᠲᠦᠷᠭᠡᠳᠬᠡᠨ᠎ᠡ︔ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ︔ ᠡᠭᠦᠨ ᠤ ᠬᠠᠮᠲᠤ᠂ ᠡᠮ ᠤᠨ ᠵᠦᠢᠯ ᠤᠨ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠪᠠ ᠡᠮᠴᠢᠯᠡᠭᠡᠨ ᠤ ᠳᠠᠭᠠᠳᠬᠠᠯ ᠤᠨ ᠪᠡᠯᠡ ᠮᠥᠩᠭᠦ ᠶᠢᠨ | ᠦᠯᠡᠳᠡᠪᠦᠷᠢ ᠶᠢ ᠦᠯᠡᠳᠡᠭᠡᠨ ᠬᠡᠷᠡᠭᠯᠡᠬᠦ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠬᠥᠳᠡᠯᠦᠩᠭᠦᠢ ᠪᠠᠷ ᠲᠣᠬᠢᠷᠠᠭᠤᠯᠬᠤ᠂ ᠭᠡᠷ ᠪᠦᠯᠢ ᠶᠢᠨ ᠡᠮᠴᠢ | ᠭᠡᠷ᠎ᠡ ᠲᠣᠭᠲᠠᠨ ᠦᠢᠯᠡᠴᠢᠯᠡᠬᠦ᠂ DIP ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠵᠡᠷᠭᠡ ᠠᠵᠢᠯ ᠢ ᠰᠠᠶᠢᠲᠤᠷ ᠬᠢᠨ᠎ᠡ᠃ ᠪᠥᠬᠦ ᠬᠤᠲᠠ ᠶᠢᠨ | ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠬᠠᠷᠢᠴᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠭᠡᠭᠡᠴᠡᠯᠳᠦᠯ ᠲᠠᠢ ᠬᠠᠷᠢᠴᠠᠭᠤᠯᠵᠤ᠂ ᠨᠠᠩ | ᠰᠢᠨ᠎ᠡ ᠶᠢ ᠡᠭᠦᠳᠬᠦ ᠣᠶᠢᠯᠠᠭᠠᠭᠳᠠᠬᠤᠨ᠂ ᠨᠠᠩ ᠨᠠᠷᠢᠨ ᠨᠢᠮᠪᠠᠢ ᠬᠠᠮᠢᠶᠠᠷᠤᠯᠲᠠ᠂ ᠨᠠᠩ ᠰᠢᠯᠢᠳᠡᠭ ᠦᠢᠯᠡᠴᠢᠯᠡᠭᠡ ᠪᠠᠷ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠣᠷᠣᠨ ᠤ ᠲᠥᠪ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠢ ᠨᠠᠩ ᠥᠨᠳᠥᠷ ᠲᠦᠪᠰᠢᠨ ᠳᠤ ᠬᠦᠷᠭᠡᠨ᠎ᠡ᠃ |