ᠣᠷᠣᠨ ᠤ ᠲᠠᠰ ᠤᠨ ᠨᠡᠷᠡᠲᠦ ᠬᠢᠲᠠᠳ ︵ᠮᠣᠩᠭᠤᠯ︶ ᠡᠮᠴᠢ ᠶᠢᠨ ᠨᠡᠷᠡᠰ ᠢ ᠨᠡᠶᠢᠲᠡᠯᠡᠪᠡ
ᠨᠡᠶᠢᠲᠡᠯᠡᠭᠰᠡᠨ ᠴᠠᠭ᠄
2023/8/18
      8 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠮᠠ ᠰᠢᠸ ᠯᠠᠨ ᠵᠡᠷᠭᠡ 100 ᠬᠥᠮᠥᠨ ᠢ ︿ᠭᠤᠷᠪᠠᠳᠤᠭᠠᠷ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠷᠠᠲᠤ ᠬᠢᠲᠠᠳ ︵ᠮᠣᠩᠭᠤᠯ︶ ᠡᠮᠴᠢ﹀ ᠶᠢᠨ ᠴᠣᠯᠠ ᠣᠯᠭᠤᠬᠤ ᠲᠤᠬᠠᠢ ᠲᠣᠭᠲᠠᠭᠠᠯ︾ ᠢ ᠪᠠᠭᠤᠯᠭᠠᠪᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠲᠠᠳ ᠡᠮ ᠡᠮᠨᠡᠯᠭᠡ ᠶᠢᠨ ᠬᠠᠤᠯᠢ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠲᠠᠷᠬᠠᠭᠠᠭᠰᠠᠨ ﹇2021﹈14 ᠳ᠋ᠦ᠋ᠭᠡᠷ ᠲᠣᠭᠠᠲᠤ︶ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠯᠢᠨ ᠰᠣᠩᠭᠤᠵᠤ ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ᠂ ᠬᠢᠨᠠᠨ ᠲᠣᠭᠲᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨᠠᠨ ᠬᠠᠷᠭᠤᠭᠤᠯᠬᠤ ᠵᠢᠴᠢ ᠪᠦᠭᠦ ᠣᠷᠣᠨ ᠤ ᠬᠡᠪᠴᠢᠶᠡᠨ ᠳᠤ ᠢᠯᠡ ᠨᠡᠶᠢᠲᠡᠯᠡᠬᠦ ᠵᠡᠷᠭᠡ ᠶᠠᠪᠤᠴᠠ  ᠪᠠᠷ ᠳᠡᠮᠵᠢᠨ᠂ ᠮᠠ ᠰᠢᠸ ᠯᠠᠨ᠂ ᠸᠠᠩ ᠶᠦᠨ ᠲᠢᠩ ᠵᠡᠷᠭᠡ 100 ᠬᠥᠮᠥᠨ ᠳᠤ ᠭᠤᠷᠪᠠᠳᠤᠭᠠᠷ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠷᠠᠲᠤ ᠬᠢᠲᠠᠳ ︵ᠮᠣᠩᠭᠤᠯ︶ ᠡᠮᠴᠢ ᠶᠢᠨ ᠴᠣᠯᠠ ᠣᠯᠭᠤᠬᠤ ᠪᠠᠷ ᠲᠣᠭᠲᠠᠪᠠ᠃      ᠬᠥᠬᠢᠭᠦᠯᠦᠯ ᠬᠦᠷᠲᠡᠭᠰᠡᠳ ᠢᠷᠠᠭᠤ ᠠᠯᠳᠠᠷ ᠢᠶᠠᠨ ᠨᠠᠨᠳᠢᠩᠨᠠᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠲᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ᠃ ᠪᠦᠭᠦ ᠣᠷᠣᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠠᠵᠢᠯᠲᠠᠳ ᠨᠠᠷᠠᠲᠤ ᠬᠢᠲᠠᠳ ︵ᠮᠣᠩᠭᠤᠯ︶ ᠡᠮᠴᠢ ᠶᠢᠨ ᠲᠡᠷᠢᠭᠦᠨ ᠤ ᠦᠶᠯᠡ ᠠᠵᠢᠯᠯᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠯᠠᠪᠳᠠᠭᠤᠨ ᠪᠠᠲᠤᠲᠠᠢ ᠠᠵᠢᠯᠯᠠᠵᠤ᠂ ᠶᠡᠭᠡ ᠡᠮᠴᠢ ᠶᠢᠨ ᠰᠢᠯᠢᠳᠡᠭ ᠣᠪᠣᠷ ᠰᠤᠷᠲᠠᠯ ᠢ ᠪᠠᠳᠠᠷᠠᠭᠤᠯᠤᠨ᠂ ᠣᠭᠢ ᠰᠣᠳᠣ ᠶᠢ ᠤᠯᠠᠮᠵᠢᠯᠠᠨ ᠵᠠᠯᠭᠠᠮᠵᠢᠯᠠᠵᠤ᠂ ᠰᠢᠨ᠎ᠡ ᠶᠢ ᠡᠭᠦᠳᠬᠦ ᠶᠢ ᠪᠠᠷᠢᠮᠲᠠᠯᠠᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠳᠠᠪᠠᠭᠤᠯᠢᠭ ᠢ ᠪᠠᠳᠠᠷᠠᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠡᠷᠡᠭᠦᠯ ᠡᠩᠬᠡ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠡᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ