ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/8/18
                 ᠶᠣᠣ ᠶᠦᠩ ᠪᠦᠸᠧ ᠴᠤᠭᠯᠠᠭᠠᠨ ᠲᠡᠭᠦᠰᠦᠭᠰᠡᠨ ᠢ ᠵᠠᠷᠯᠠᠵᠠᠢ      8 ᠰᠠᠷ᠎ᠠ ᠶᠢᠨ 16 ᠤ ᠣᠷᠣᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠤ ᠲᠡᠭᠦᠰᠬᠦ ᠶᠣᠰᠣᠯᠠᠯ ᠣᠷᠳᠣᠰ ᠬᠤᠳᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠡᠷᠭᠢᠯᠡᠭᠴᠢ᠂ ᠭᠦᠢᠴᠡᠳᠬᠡᠬᠦ ᠺᠣᠮᠢᠰ ᠤᠨ ᠡᠷᠭᠢᠯᠡᠭᠴᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠠᠯᠲᠠᠨ ᠮᠧᠳᠠᠯ ᠣᠯᠣᠭᠰᠠᠨ ᠲᠤᠭ᠎ᠠ ᠪᠠᠷ ᠲᠦᠷᠦᠭᠦᠦ ᠭᠤᠷᠪᠠ ᠳᠤ ᠣᠷᠣᠭᠰᠠᠨ ᠲᠥᠯᠥᠭᠡᠯᠡᠭᠴᠢᠳ ᠤᠨ ᠪᠦᠯᠭᠦᠮ ᠳᠤ ᠱᠠᠩᠨᠠᠯ ᠭᠠᠷᠳᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠲᠡᠭᠦᠰᠦᠭᠰᠡᠨ ᠢ ᠵᠠᠷᠯᠠᠪᠠ᠃      ᠣᠷᠳᠣᠰ ᠬᠤᠲᠠ᠂ ᠭᠦᠭᠡᠬᠤᠲᠠ᠂ ᠬᠥᠯᠥᠨ ᠪᠤᠶᠢᠷ ᠬᠤᠲᠠ ᠠᠯᠲᠠᠨ ᠮᠧᠳᠠᠯ ᠤᠨ ᠵᠢᠭᠰᠠᠭᠠᠯᠲᠠ ᠶᠢᠨ ᠡᠮᠦᠨ᠎ᠡ 3 ᠨᠡᠷᠡᠰ ᠲᠤ ᠣᠷᠣᠪᠠ᠃ ᠲᠡᠭᠦᠰᠬᠦ ᠶᠣᠰᠣᠯᠠᠯ ᠨᠢ ᠡᠭᠢᠯᠡᠯᠲᠡ ᠶᠢᠨ ᠶᠣᠰᠣᠯᠠᠯ ᠲᠠᠢ ᠰᠠᠶᠢᠬᠠᠨ ᠠᠪᠴᠠᠯᠳᠤᠵᠤ᠂ ᠦᠵᠡᠭᠴᠢᠳ ᠲᠤ ᠨᠢᠭᠡ ᠤᠳᠠᠭ᠎ᠠ ᠶᠢᠨ ᠭᠤᠶᠢᠳᠠ ᠰᠠᠶᠢᠬᠠᠨ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠳᠡᠯᠭᠡᠨ ᠦᠵᠡᠭᠦᠯᠵᠡᠢ᠃ ᠲᠡᠭᠦᠰᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠭᠢᠯᠡᠭᠰᠡᠨ ᠬᠤᠲᠠ ᠪᠤᠯᠬᠤ ᠣᠷᠳᠣᠰ ᠬᠤᠲᠠ ᠶᠢᠨ ᠲᠥᠯᠥᠭᠡᠯᠡᠭᠴᠢ ᠠᠴᠠ ᠲᠠᠷᠠᠭᠠᠴᠢ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠭᠢᠯᠡᠭᠦ ᠬᠤᠲᠠ ᠪᠤᠯᠬᠤ ᠪᠤᠭᠤᠲᠤ ᠬᠤᠲᠠ ᠶᠢᠨ ᠲᠥᠯᠥᠭᠡᠯᠡᠭᠴᠢ ᠳᠤ ᠲᠠᠮᠢᠷ ᠤᠨ ᠴᠤᠭᠯᠠᠭᠠᠨ ᠤ ᠲᠤᠭ ᠢ ᠲᠤᠰᠢᠶᠠᠨ ᠥᠭᠭᠦᠭᠰᠡᠨ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ