ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠡᠭᠡᠳᠦ ᠰᠤᠷᠭᠠᠭᠤᠯᠢ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/8/2
      ︵ᠰᠤᠷᠪᠤᠯᠵᠢᠯᠠᠭᠴᠢ ᠮᠢᠶᠣᠣ ᠰᠢᠨ︶ ᠣᠶᠢᠷ᠎ᠠ ᠶᠢᠨ ᠡᠳᠦᠷ᠂ ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠡᠭᠡᠳᠦ ᠰᠤᠷᠭᠠᠭᠤᠯᠢ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠫᠠᠶᠢᠰᠠ ᠡᠯᠭᠦᠨ ᠪᠠᠶᠢᠭᠤᠯᠤᠭᠳᠠᠵᠤ᠂ 9 ᠬᠤᠰᠢᠭᠤ ᠰᠢᠶᠠᠨ ᠲᠣᠭᠤᠷᠢᠭ ᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠴᠢᠯᠡᠭᠡᠨ ᠤ ᠲᠥᠪ ᠢ ᠵᠡᠷᠭᠡᠪᠡᠷ ᠪᠠᠶᠢᠭᠤᠯᠪᠠ᠃      ᠣᠶᠢᠯᠠᠭᠠᠭᠰᠠᠨ ᠢᠶᠠᠷ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ︽ᠮᠢᠩᠭᠠᠨ ᠲᠦᠮᠡ ᠶᠢᠨ ᠢᠨᠵᠧᠨᠧᠷᠢᠩ︾ ᠤᠨ ᠭᠤᠣᠯ ᠴᠢᠬᠤᠯᠠ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠲᠠᠢ ᠬᠠᠷᠢᠴᠠᠭᠤᠯᠤᠨ᠂ ᠬᠦᠴᠦ ᠪᠠᠨ ᠬᠠᠮᠲᠤᠳᠬᠠᠨ ᠨᠢᠭᠲᠠ ᠬᠠᠮᠵᠢᠯᠴᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠧᠮ ᠤᠨ ᠺᠠᠳ᠋ᠷ ᠤᠨ ᠪᠣᠯᠪᠠᠰᠤᠷᠠᠭᠤᠯᠤᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠵᠠᠭᠪᠤᠷ ᠢ ᠡᠭᠦᠳᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠶᠤᠨ ᠤ ᠬᠥᠮᠥᠷᠭᠡ ᠶᠢᠨ ᠦᠢᠯᠡᠴᠢᠯᠡᠭᠡ ᠵᠡᠷᠭᠡ ᠬᠦᠷᠢᠶ᠎ᠡ ᠶᠢᠨ ᠲᠣᠭᠤᠷᠢᠨ ᠳᠤ ᠭᠦᠨᠵᠡᠭᠡᠢ  ᠬᠠᠮᠳᠤᠷᠠᠯᠴᠠᠵᠤ᠂ ᠣᠷᠣᠨ ᠨᠤᠲᠤᠭ ᠰᠤᠷᠭᠠᠭᠤᠯᠢ ᠬᠠᠮᠲᠤᠷᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠪᠠᠶᠢᠯᠳᠤᠬᠤ ᠪᠣᠳᠣᠯᠭ᠎ᠠ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ