ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠨᠡᠭᠡᠭᠡᠬᠦ ᠴᠠᠭ ᠢᠶᠠᠨ ᠤᠷᠲᠤᠳᠬᠠᠪᠠ
ᠨᠡᠶᠢᠲᠡᠯᠡᠭᠰᠡᠨ ᠴᠠᠭ᠄
2023/8/21
      ᠵᠣᠨ ᠤ ᠠᠮᠠᠷᠠᠯᠲᠠ  ᠶᠢᠨ ᠬᠤᠭᠤᠴᠠᠭᠠᠨ ᠳᠤ ᠣᠷᠣᠭᠰᠠᠨ  ᠠᠴᠠ ᠨᠠᠰᠢ᠂ ᠣᠯᠠᠨ ᠨᠡᠶᠢᠲᠡ  ᠶᠢᠨ ᠲᠣᠭᠤᠷᠢᠨ ᠦᠵᠡᠬᠦ ᠬᠡᠷᠡᠭᠴᠡᠭᠡ ᠲᠦᠷᠭᠡᠨ  ᠢᠶᠠᠷ ᠨᠡᠮᠡᠭᠳᠡᠵᠦ᠂ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠤ ᠲᠣᠭᠤᠷᠢᠨ ᠦᠵᠡᠬᠦ ᠬᠡᠮᠵᠢᠶ᠎ᠡ ᠵᠠᠯᠭᠠᠪᠠᠷ ᠰᠢᠨ᠎ᠡ ᠲᠡᠮᠳᠡᠭᠯᠡᠯ  ᠢ ᠡᠭᠦᠳᠪᠡ᠂ ᠵᠤᠭᠠᠴᠠᠭᠰᠠᠳ ᠲᠤ ᠨᠠᠩ ᠣᠯᠠᠨ ᠡᠰᠢᠲᠦ᠂ ᠨᠠᠩ ᠳᠥᠭᠦᠮ ᠳᠥᠲᠡ ᠦᠢᠯᠡᠴᠢᠯᠡᠭᠡ ᠬᠠᠩᠭᠠᠬᠤ ᠶᠢᠨ ᠲᠤᠰᠠᠳᠠ᠂ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ 8 ᠳ᠋ᠤᠭᠠᠷ ᠰᠠᠷ᠎ᠠ  ᠶᠢᠨ 18  ᠠᠴᠠ 31 ᠤ ᠡᠳᠦᠷ ᠪᠣᠯᠲᠠᠯ᠎ᠠ ︵ᠭᠠᠷᠠᠭ ᠪᠦᠷᠢ ᠤ ᠭᠠᠷᠠᠭ ᠤᠨ ᠨᠢᠭᠡᠨ ᠳᠤ ᠡᠭᠦᠳᠡ ᠪᠠᠨ ᠬᠠᠭᠠᠨ᠎ᠠ︶ ᠨᠡᠭᠡᠭᠡᠬᠦ ᠴᠠᠭ ᠢᠶᠠᠨ ᠤᠷᠲᠤᠳᠬᠠᠪᠠ᠃      ᠲᠠᠨᠢᠯᠴᠠᠭᠤᠯᠤᠭᠰᠠᠨ ᠢᠶᠠᠷ᠂ ᠨᠡᠭᠡᠭᠡᠬᠦ ᠴᠠᠭ ᠢ 9 ᠴᠠᠭ  ᠠᠴᠠ 17 ᠴᠠᠭ ᠪᠠᠶᠢᠭᠰᠠᠨ ᠢ  9 ᠴᠠᠭ  ᠠᠴᠠ 18 ᠴᠠᠭ ᠪᠣᠯᠲᠠᠯ᠎ᠠ ᠤᠷᠲᠤᠳᠬᠠᠪᠠ ︵17 ᠴᠠᠭ 30 ᠮᠢᠨᠦ᠋ᠲ  ᠠᠴᠠ ᠣᠷᠳᠣᠨ ᠳᠤ ᠣᠷᠤᠭᠤᠯᠬᠤ ᠦᠭᠡᠢ︶᠃ᠡᠨᠡ ᠬᠤᠭᠤᠴᠠᠭᠠᠨ ᠳᠤ᠂ ︽︿ᠳᠥᠷᠪᠡᠨ 100﹀  ᠶᠢᠨ ᠳᠤᠮᠳᠠᠳᠤ  ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠲᠡᠮᠳᠡᠭ ᠤᠨ ᠰᠢᠷᠢᠰ ᠪᠦᠲᠦᠭᠡᠯ ᠤᠨ ᠦᠵᠡᠭᠦᠯᠦᠯᠭᠡ︾ ︽ᠨᠤᠲᠤᠭ ᠬᠥᠮᠥᠨ ︱ 1949 ᠣᠨ  ᠠᠴᠠ ᠨᠠᠰᠢᠬᠢ ᠬᠥᠳᠡᠭᠡ ᠲᠣᠰᠬᠤᠨ ᠤ ᠰᠡᠳᠦᠪᠲᠦ ᠤᠷᠠᠨ ᠵᠢᠷᠤᠭ ᠤᠨ ᠪᠦᠲᠦᠭᠡᠯ ᠤᠨ ᠰᠤᠳᠤᠯᠭᠠᠨ ᠤ ᠦᠵᠡᠭᠦᠯᠦᠯᠭᠡ ︵ᠬᠥᠬᠡᠬᠤᠲᠠ ᠥᠷᠲᠡᠭᠡ︶︾ ︽ᠰᠢᠨ᠎ᠡ ᠬᠡᠪ ᠰᠤᠷᠲᠠᠯ ︱ ᠣᠲᠣ ᠦᠶ᠎ᠡ  ᠶᠢᠨ ᠤᠷᠤᠰᠬᠠᠯ ᠤᠷᠠᠯᠢᠭ ᠤᠨ ᠦᠵᠡᠭᠦᠯᠦᠯᠭᠡ︾ ︽ᠳᠥᠷᠪᠡᠳᠦᠭᠡᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠤᠷᠠᠨ ᠵᠢᠷᠤᠭ ᠤᠷᠠᠨ ᠪᠢᠴᠢᠯᠭᠡ ᠶᠢᠨ ᠪᠦᠲᠦᠭᠡᠯ ᠤᠨ ᠦᠵᠡᠭᠦᠯᠦᠯᠭᠡ︾ ᠵᠡᠷᠭᠡ ᠣᠯᠠᠨ ᠵᠦᠢᠯ ᠤᠨ ᠰᠢᠯᠢᠳᠡᠭ ᠤᠷᠠᠯᠢᠭ ᠤᠨ ᠦᠵᠡᠰᠬᠦᠯᠡᠩ ᠢ ᠵᠠᠯᠭᠠᠪᠡᠷ ᠳᠡᠯᠭᠡᠨ ᠦᠵᠡᠭᠦᠯᠦᠨ᠎ᠡ᠃ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠤ ᠪᠣᠶ ᠪᠦᠬᠦᠢ ᠦᠵᠡᠭᠦᠯᠦᠯᠭᠡ ᠶᠢ ᠨᠡᠶᠢᠲᠡ ᠣᠯᠠᠨ ᠳᠤ ᠦᠨ᠎ᠡ ᠲᠦᠯᠦᠪᠦᠷᠢ ᠦᠭᠡᠢ ᠪᠠᠷ ᠦᠵᠡᠭᠦᠯᠦᠨ᠎ᠡ᠃      ᠢᠷᠡᠯᠲᠡ᠄ ᠬᠦᠬᠡᠬᠣᠲᠠ ᠶᠢᠨ ᠣᠷᠣᠢ ᠶᠢᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ