ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶᠠᠲᠤ ᠣᠷᠣᠨ ᠤ ᠵᠠᠬ᠎ᠠ ᠳᠡᠯᠭᠡᠭᠦᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠡᠭᠡ ᠵᠠᠰᠠᠯᠲᠠ ᠶᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2023/8/22
      ᠭᠠᠯ ᠤᠨᠲᠠᠷᠠᠭᠠᠬᠤ ᠠᠮᠤᠷ ᠲᠦᠪᠰᠢᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠥᠯᠥᠭᠡ᠂ ᠢᠦᠶ ᠴᠢᠤᠸᠠᠨ ᠶᠡᠭᠡ ᠠᠩᠭᠢ ᠶᠢᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠠᠶᠢᠳᠠᠯ ᠢ ᠠᠰᠢᠭᠯᠠᠨ ᠬᠦᠴᠦᠯᠡᠵᠦ᠂ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠰᠠᠭᠤᠳᠠᠯ ᠢ ᠪᠠᠶᠢᠴᠠᠭᠠᠨ᠂ ᠠᠯᠳᠠᠰᠢ ᠭᠠᠷᠬᠤ ᠶᠢ ᠬᠤᠷᠢᠭᠯᠠᠵᠤ᠂ ᠳᠠᠯᠳᠠ ᠬᠡᠮ ᠢ ᠠᠷᠢᠯᠭᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠪᠠ᠃      ᠶᠡᠭᠡ ᠠᠩᠬᠢ ᠶᠢᠨ ᠬᠢᠨ ᠲᠡᠷᠡ ᠳᠠᠷᠤᠢ ᠳᠤᠨᠢ ᠭᠠᠯ ᠤᠨᠲᠠᠷᠠᠭᠠᠬᠤ ᠠᠮᠤᠷ ᠲᠦᠪᠰᠢᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠦᠷᠪᠡᠨ ᠳᠤᠭᠤᠶᠢᠯᠠᠩ ᠪᠠᠶᠢᠭᠤᠯᠵᠤ᠂ ᠭᠠᠯ ᠤᠨ ᠭᠠᠮᠰᠢᠭ ᠤᠨ ᠲᠦᠭᠰᠢᠭᠦᠷᠢ ᠶᠡᠬᠡᠲᠡᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠭᠤᠤᠯᠳᠠᠭᠤ ᠬᠠᠷᠢᠶ᠎ᠠ ᠣᠷᠣᠨ ᠤ ᠡᠯ᠎ᠡ ᠵᠠᠬ᠎ᠠ ᠳᠡᠯᠭᠡᠭᠦᠷ ᠤᠨ ᠡᠭᠡᠯᠵᠢ ᠳᠠᠭᠠᠭᠤᠯᠤᠭᠰᠠᠨ ᠤᠳᠤᠷᠢᠳᠤᠯᠭ᠎ᠠ᠂ ᠭᠠᠯ ᠤᠨᠲᠠᠷᠠᠭᠠᠬᠤ ᠠᠮᠤᠷ ᠲᠦᠪᠰᠢᠨ ᠤ ᠵᠢᠵᠢᠭᠦᠷ᠂ ᠲᠣᠭᠤᠷᠢᠨ ᠪᠠᠶᠢᠴᠠᠭᠠᠭᠴᠢ ᠶᠢᠨ ᠠᠵᠢᠯ ᠤᠨ ᠪᠠᠶᠢᠷᠢ ᠳᠠᠭᠠᠨ ᠪᠠᠶᠢᠬᠤ ᠡᠰᠡᠬᠦ᠂ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠡᠰᠡᠬᠦ᠂ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠲᠡᠮᠳᠡᠭᠯᠡᠯ ᠨᠢ ᠨᠠᠷᠢᠨ ᠪᠣᠳᠠᠲᠠᠢ ᠪᠠᠶᠢᠬᠤ ᠡᠰᠡᠬᠦ︔ ᠭᠠᠯ ᠤᠨᠲᠠᠷᠠᠭᠠᠬᠤ ᠠᠵᠢᠯᠲᠠᠳ ᠭᠠᠯ ᠤᠨᠲᠠᠷᠠᠭᠠᠬᠤ ᠡᠵᠡᠮᠳᠡᠯ ᠤᠨ ᠲᠠᠰᠤᠭ ᠤᠨ ᠰᠢᠢᠳᠪᠦᠷᠢᠯᠡᠬᠦ ᠲᠡᠰ ᠲᠡᠷᠠᠭᠠᠯᠠᠯ ᠢ ᠰᠠᠶᠢᠨ ᠮᠡᠳᠡᠳᠡᠭ ᠡᠰᠡᠬᠦ︔ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠴᠢᠬᠤᠯᠠ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ︔ ᠭᠠᠯ ᠤᠨᠲᠠᠷᠠᠭᠠᠭᠤᠯ᠂ ᠠᠦ᠋ᠲ᠋ᠣ᠋ ᠤᠰᠤ ᠰᠦᠷᠴᠢᠵᠦ ᠭᠠᠯ ᠤᠨᠲᠠᠷᠠᠭᠠᠬᠤ ᠰᠢᠰᠲ᠋ᠧᠮ ᠤᠨ ᠳᠠᠷᠤᠯᠲᠠ ᠶᠢᠨ ᠪᠠᠶᠢᠳᠠᠯ᠂ ᠭᠠᠯ ᠤᠨ ᠠᠶᠤᠯ ᠤᠨ ᠠᠦ᠋ᠲ᠋ᠣ᠋ ᠲᠦᠭᠰᠢᠭᠦᠷᠢ ᠮᠡᠳᠡᠭᠦᠯᠬᠦ ᠵᠡᠷᠭᠡ ᠭᠠᠯ ᠤᠨᠲᠠᠷᠠᠭᠠᠬᠤ ᠪᠡᠯᠡᠳᠬᠡᠮᠵᠢ᠂ ᠲᠥᠬᠦᠭᠡᠷᠦᠮᠵᠢ ᠶᠢᠨ ᠠᠵᠢᠯᠯᠠᠭᠠᠨ ᠵᠢᠴᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠭᠰᠠᠨ ᠪᠠᠶᠢᠳᠠᠯ︔ ᠲᠠᠷᠬᠠᠭᠠᠬᠤ ᠵᠠᠮ᠂ ᠠᠮᠤᠷ ᠲᠦᠪᠰᠢᠨ ᠤ ᠭᠠᠷᠬᠤ ᠡᠭᠦᠳᠡ ᠶᠢ ᠡᠵᠡᠯᠡᠨ ᠬᠡᠷᠡᠭᠯᠡᠭᠰᠡᠨ᠂ ᠪᠥᠭᠯᠡᠭᠰᠡᠨ᠂ ᠣᠨᠢᠰᠤᠯᠠᠭᠰᠠᠨ ᠪᠠᠶᠢᠳᠠᠯ ᠣᠷᠣᠰᠢᠵᠤ ᠪᠠᠶᠢᠬᠤ ᠡᠰᠡᠬᠦ︔ ᠲᠠᠷᠬᠠᠭᠠᠬᠤ ᠵᠢᠭᠠᠯᠲᠠ ᠲᠡᠮᠳᠡᠭ᠂ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠪᠦᠷᠢᠨ ᠭᠦᠢᠴᠡᠳ ᠪᠥᠭᠡᠳ ᠬᠦᠴᠦᠨ ᠲᠠᠢ ᠲᠣᠬᠢᠷᠠᠭᠤᠯᠤᠭᠰᠠᠨ ᠡᠰᠡᠬᠦ︔ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠵᠠᠯᠭᠠᠵᠤ ᠪᠠᠶᠢᠬᠤ ᠡᠰᠡᠬᠦ᠂ ᠰᠢᠲᠠᠮᠠᠬᠠᠢ ᠬᠡᠢ ᠶᠢᠨ ᠬᠡᠷᠡᠭᠯᠡᠯᠲᠡ ᠳᠤ ᠲᠦᠭᠰᠢᠭᠦᠷᠢ ᠮᠡᠳᠡᠭᠡᠯᠡᠬᠦ ᠮᠠᠰᠢᠨ ᠤᠭᠰᠠᠷᠠᠭᠰᠠᠨ ᠡᠰᠡᠬᠦ᠂ ᠬᠠᠤᠯᠢ ᠶᠢ ᠵᠥᠷᠢᠴᠡᠭᠰᠡᠨ ︽ᠭᠤᠷᠪᠠ ᠶᠢ ᠨᠢᠭᠡᠳᠬᠡᠬᠦ︾ ᠦᠵᠡᠭᠳᠡᠯ ᠣᠷᠣᠰᠢᠵᠤ ᠪᠠᠶᠢᠬᠤ ᠡᠰᠡᠬᠦ ᠵᠡᠷᠭᠡ ᠲᠠᠯ᠎ᠠ ᠶᠢᠨ ᠠᠮᠤᠷ ᠲᠦᠪᠰᠢᠨ ᠤ ᠭᠡᠮ ᠰᠣᠭᠤᠭ ᠤᠨ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠢᠯᠡᠷᠡᠭᠦᠯᠦᠭᠰᠡᠨ ᠬᠡᠮ ᠰᠣᠭᠤᠭ ᠤᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠨ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠡᠯ᠎ᠡ ᠨᠢᠭᠡᠴᠡ ᠶᠢᠨ ᠬᠢᠨ ᠢ ᠲᠠᠨᠢᠯᠲᠠ ᠪᠠᠨ ᠳᠡᠭᠡᠭᠰᠢᠯᠡᠭᠦᠯᠦᠨ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠪᠠᠨ ᠴᠢᠩᠭᠠᠳᠬᠠᠨ᠂ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠶ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃      ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠬᠢᠨ ᠠᠮᠤᠷ ᠲᠦᠪᠰᠢᠨ ᠤ ᠬᠥᠪᠴᠢ ᠶᠢ ᠢᠮᠠᠭᠲᠠ ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ ᠪᠠᠷ ᠭᠤᠣᠯ ᠰᠢᠵᠢᠮ ᠪᠣᠯᠭᠠᠵᠤ᠂ ᠡᠯ᠎ᠡ ᠵᠦᠢᠯ ᠤᠨ ᠠᠵᠢᠯ ᠢ ᠨᠡᠩ ᠴᠢᠩᠭ᠎ᠠ ᠨᠡᠩ ᠪᠣᠳᠠᠲᠠᠢ ᠨᠡᠩ ᠭᠦᠨ ᠨᠡᠩ ᠨᠠᠷᠢᠯᠢᠭ ᠠᠳᠬᠤᠵᠤ᠂ ᠭᠠᠯ ᠤᠨ ᠭᠠᠮᠰᠢᠭ ᠤᠨ ᠭᠡᠮ ᠰᠣᠭᠤᠭ ᠢ ᠤᠯᠠᠮ ᠴᠢᠨᠠᠭᠰᠢᠳᠠ ᠠᠷᠢᠯᠭᠠᠵᠤ᠂ ︽ᠪᠦᠬᠦ ᠲᠠᠯ᠎ᠠ ᠶᠢ ᠪᠦᠷᠬᠦᠬᠦᠯᠵᠦ᠂ ᠰᠣᠬᠤᠷ ᠪᠠᠯᠠᠢ ᠣᠷᠣᠨ ᠦᠯᠡᠳᠡᠭᠡᠬᠦ ᠦᠭᠡᠢ᠂ ᠣᠷᠬᠢᠭᠳᠠᠭᠤᠯᠬᠤ ᠦᠭᠡᠢ ᠪᠠᠶᠢᠬᠤ︾ ᠶᠢ ᠪᠡᠶᠡᠯᠡᠭᠦᠯᠵᠦ᠂ ᠬᠠᠤᠯᠢ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠶᠢᠨ ᠬᠠᠮᠲᠤ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ