ᠢᠦᠶ ᠴᠢᠤᠸᠠᠨ ᠲᠣᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2023/8/22
      2023 ᠣᠨ ᠤ 8 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠧᠨ ᠮᠧᠶ ᠯᠢᠩ ᠬᠤᠷᠢ ᠭᠠᠷᠤᠶ ᠠᠷᠠᠳ ᠤᠨ ᠲᠥᠯᠥᠭᠡᠯᠡᠭᠴᠢ ᠶᠢ ᠳᠠᠭᠠᠭᠤᠯᠤᠨ ᠬᠠᠷᠢᠶ᠎ᠠ ᠣᠷᠣᠨ ᠤ ᠪᠠᠨ ᠡᠮ ᠤᠨ ᠵᠦᠢᠯ ᠤᠨ ᠡᠵᠡᠩᠨᠡᠯᠲᠡ ᠪᠠ ᠬᠡᠷᠡᠭᠯᠡᠯᠲᠡ ᠶᠢᠨ ᠨᠢᠭᠡᠴᠡ ᠳᠤ ᠭᠦᠨᠵᠡᠭᠡᠶᠢᠷᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠠᠵᠢᠯᠲᠠᠳ ᠪᠠᠷ᠎ᠠ ᠪᠣᠯᠪᠠ᠃      ᠳᠡᠳ᠋ ᠡᠷᠬᠢᠯᠡᠭᠴᠢ ᠴᠧᠨ ᠮᠧᠶ ᠯᠢᠩ ᠲᠥᠯᠥᠭᠡᠯᠡᠭᠴᠢᠳ ᠢ ᠳᠠᠭᠠᠭᠤᠯᠤᠨ ᠤᠷᠢᠳ ᠬᠤᠵᠢᠳ ᠥᠪᠥᠷ ᠮᠣᠩᠭᠤᠯ ᠤᠨ ᠷᠧᠨ ᠾᠧ ᠲᠠᠩ ᠡᠮ ᠡᠮᠨᠡᠯᠭᠡ ᠶᠢᠨ ᠬᠡᠯᠬᠢᠶ᠎ᠡ ᠬᠢᠵᠠᠭᠠᠷᠲᠤ ᠺᠣᠮᠫᠠᠨᠢ ᠶᠢᠨ ᠶᠢᠨ ᠢᠦᠶ ᠳ᠋ᠢᠶᠠᠨ᠂ ᠭᠦᠸᠧ ᠳ᠋ᠡ ᠡᠮ ᠤᠨ ᠥᠷᠥᠭᠡ ᠶᠢᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ ᠳᠥᠷᠪᠡᠳᠦᠭᠡᠷ ᠳᠡᠯᠭᠡᠭᠦᠷ᠂ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠡᠮᠨᠡᠯᠭᠡ ᠶᠢᠨ ᠬᠤᠷᠢᠶ᠎ᠠ᠂ ᠢᠦᠶ ᠴᠢᠤᠸᠠᠨ ᠲᠣᠭᠤᠷᠢᠭ ᠤᠨ ᠵᠠᠩ ᠵᠢᠶᠠᠨ ᠭᠦᠸᠧ ᠬᠢᠲᠠᠳ ᠡᠮᠨᠡᠯᠭᠡ ᠶᠢᠨ ᠡᠮᠴᠢᠯᠡᠭᠡᠨ ᠤ ᠭᠠᠵᠠᠷ ᠵᠡᠷᠭᠡ ᠭᠠᠵᠠᠷ ᠲᠤ ᠬᠦᠷᠴᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ᠶᠢ ᠤᠬᠠᠭᠤᠯᠬᠤ ᠪᠠ ᠨᠠᠶᠢᠳᠠᠪᠤᠷᠢᠵᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠬᠦᠷᠦᠭᠰᠡᠨ ᠭᠠᠵᠠᠷ ᠪᠣᠯᠭᠠᠨ ᠳᠤ᠂ ᠲᠥᠯᠥᠭᠡᠯᠡᠭᠴᠢᠳ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠡᠮ ᠤᠨ ᠵᠦᠢᠯ ᠢ ᠬᠤᠳᠠᠯᠳᠤᠨ ᠠᠪᠬᠤ ᠪᠠ ᠪᠣᠷᠣᠯᠠᠭᠤᠯᠬᠤ ᠡᠭᠡ ᠲᠠᠩᠰᠠ ᠶᠢ ᠪᠠᠶᠢᠴᠠᠭᠠᠨ ᠦᠵᠡᠵᠦ᠂ ᠡᠯ᠎ᠡ ᠨᠢᠭᠡᠴᠡ ᠶᠢᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ᠶᠢ ᠨᠠᠶᠢᠳᠠᠪᠤᠷᠢᠵᠢᠭᠤᠯᠤᠭᠰᠠᠨ ᠨᠠᠷᠢᠨ ᠵᠦᠢᠯᠡᠰ ᠢ ᠪᠠᠶᠢᠨ ᠪᠠᠶᠢᠨ ᠠᠰᠠᠭᠤᠵᠤ ᠪᠠᠶᠢᠯ᠎ᠠ᠃      ᠡᠮ ᠤᠨ ᠵᠦᠢᠯ ᠤᠨ ᠡᠵᠡᠩᠨᠡᠯᠲᠡ ᠶᠢᠨ ᠨᠢᠭᠡᠴᠡ ᠶᠢ ᠪᠠᠶᠢᠴᠠᠭᠠᠨ ᠦᠵᠡᠭᠰᠡᠨ ᠤ ᠲᠠᠷᠠᠭ᠎ᠠ᠂ ᠳᠡᠳ᠋ ᠡᠷᠬᠢᠯᠡᠭᠴᠢ ᠴᠧᠨ ᠮᠧᠢ ᠯᠢᠩ ᠨᠡᠷ ᠪᠠᠰᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠪᠠᠭ᠎ᠠ ᠲᠦᠷᠭᠡᠨ ᠭᠤᠤᠯ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠪᠠᠷᠢᠮᠵᠢᠶᠠᠵᠢᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠳᠡᠳ᠋ ᠡᠷᠬᠢᠯᠡᠭᠴᠢ ᠴᠧᠨ ᠮᠧᠢ ᠯᠢᠩ ᠪᠣᠯᠤᠨ ᠲᠥᠯᠥᠭᠡᠯᠡᠭᠴᠢᠳ ᠪᠠᠭ᠎ᠠ ᠲᠦᠷᠭᠡᠨ ᠭᠤᠤᠯ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠪᠠᠷᠢᠮᠵᠢᠶᠠᠵᠢᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢ ᠭᠦᠢᠴᠡᠳ ᠨᠤᠲᠠᠯᠠᠪᠠ᠃ 
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ