ᠮᠠᠰᠢ ᠣᠯᠠᠨ ᠬᠥᠮᠥᠨ ᠭᠡᠷ ᠪᠠᠶᠢᠰᠢᠩ ᠬᠤᠳᠠᠯᠳᠤᠨ ᠠᠪᠬᠤ ᠳᠠᠭᠠᠨ ᠬᠤᠳᠠᠯᠳᠤᠭᠠᠨ ᠤ ᠵᠢᠭᠡᠯᠡᠯᠭᠡ ᠠᠪᠤᠭᠰᠠᠨ ᠪᠣᠯ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠵᠢᠭᠡᠯᠡᠯᠭᠡ ᠪᠣᠯᠭᠠᠵᠤ ᠰᠢᠯᠵᠢᠭᠦᠯᠬᠦ ᠶᠢ ᠬᠦᠰᠡᠳᠡᠭ᠂ ᠲᠡᠭᠡᠪᠡᠯ ︽ᠬᠤᠳᠠᠯᠳᠤᠭᠠᠨ ᠤ ᠵᠢᠭᠡᠯᠡᠯᠭᠡ ᠶᠢ ᠨᠡᠶᠢᠲᠡ ᠶᠢᠨ ᠬᠤᠷᠠᠮᠳᠤᠭᠤᠯᠭ᠎ᠠ ᠶᠢᠨ | ᠮᠦᠩᠭᠦ ᠶᠢᠨ ᠵᠢᠭᠡᠯᠡᠯᠭᠡ ᠪᠣᠯᠭᠠᠨ ᠰᠢᠯᠵᠢᠭᠦᠯᠬᠦ︾ ᠳᠤ ᠶᠠᠮᠠᠷ ᠨᠥᠬᠦᠴᠡᠯ ᠢ ᠪᠦᠷᠢᠯᠳᠦᠭᠦᠯᠬᠦ ᠴᠢᠬᠤᠯᠠᠲᠠᠢ ᠪᠣᠢ︖ ᠶᠠᠮᠠᠷ ᠶᠠᠮᠠᠷ ᠴᠢᠬᠤᠯᠠ ᠵᠦᠢᠯᠡᠰ ᠢ ᠪᠡᠯᠡᠳᠭᠡᠬᠦ | ᠬᠡᠷᠡᠭᠲᠡᠢ ᠪᠣᠢ︖ ᠡᠨᠡᠬᠦ ᠲᠤᠬᠠᠶᠢᠯᠠᠭᠰᠠᠨ ᠠᠵᠢᠯ ᠢ ᠬᠡᠷᠬᠢᠨ ᠭᠦᠢᠴᠡᠳᠭᠡᠬᠦ ᠪᠣᠶ︖ ᠰᠤᠷᠪᠤᠯᠵᠢᠯᠠᠭᠴᠢ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤ ᠬᠦᠷᠴᠦ᠂ ︽ᠬᠤᠳᠠᠯᠳᠤᠭᠠᠨ ᠤ ᠵᠢᠭᠡᠯᠡᠯᠭᠡ ᠶᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠦᠩᠭᠦ ᠶᠢᠨ ᠵᠢᠭᠡᠯᠡᠯᠭᠡ ᠪᠣᠯᠭᠠᠨ ᠰᠢᠯᠵᠢᠭᠦᠯᠬᠦ︾ ᠤᠴᠢᠷ ᠶᠠᠪᠤᠳᠠᠯ ᠢ ᠬᠦᠢᠴᠡᠳᠭᠡᠬᠦ ᠨᠠᠷᠢᠨ ᠴᠣᠪᠤᠷᠠᠯ ᠢ ᠣᠶᠢᠯᠠᠭᠠᠪᠠ᠃ | 1. ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠦᠨᠳᠦᠰᠦᠨ | ᠨᠥᠬᠦᠴᠡᠯ᠄ ᠵᠣᠭᠤᠰ ᠵᠢᠭᠡᠯᠡᠭᠴᠢ ︵ᠬᠤᠯᠪᠣᠰᠤ᠂ ᠥᠭᠡᠷ᠎ᠡ ᠪᠠᠷ ᠬᠡᠯᠡᠪᠡᠯ ᠨᠦᠬᠦᠷ ᠪᠣᠶᠣ ᠭᠡᠷᠭᠡᠢ ᠨᠢ ᠪᠠᠭᠲᠠᠨ᠎ᠠ︶ ᠲᠠᠩᠰᠠ ᠪᠠᠶᠢᠭᠤᠯᠤᠭᠰᠠᠨ ᠮᠥᠷᠲᠡᠭᠡᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠵᠠᠯᠭᠠᠪᠡᠷ 6 ᠰᠠᠷ᠎ᠠ ᠠᠴᠠ ᠳᠡᠭᠡᠭᠰᠢ ᠲᠤᠰᠢᠶᠠᠨ ᠬᠠᠳᠠᠭᠠᠯᠠᠭᠤᠯᠵᠤ᠂ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠵᠢᠭᠡᠯᠡᠯᠭᠡ ᠪᠠᠨ ᠪᠤᠴᠠᠭᠠᠵᠤ ᠪᠠᠷᠠᠭᠠᠳᠤᠢ ᠪᠠᠶᠢᠳᠠᠯ ᠦᠭᠡᠢ᠂ ᠳᠠᠭᠠᠭᠠᠯᠲᠠ ᠦᠭᠡᠢ᠂ ᠢᠲᠡᠭᠡᠮᠵᠢ ᠰᠠᠶᠢᠨ ᠪᠣᠯ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠵᠤ ᠪᠣᠯᠣᠨ᠎ᠠ᠃ | 2. ᠬᠤᠳᠠᠯᠳᠤᠭᠠᠨ ᠤ ᠪᠠᠩᠬᠢ ᠶᠢᠨ ᠣᠷᠣᠨ ᠰᠠᠭᠤᠴᠠ ᠶᠢᠨ ᠪᠠᠷᠢᠴᠠᠭᠠᠲᠤ ᠵᠢᠭᠡᠯᠡᠯᠭᠡ ᠶᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠤ ᠵᠢᠭᠡᠯᠡᠯᠭᠡ | ᠪᠣᠯᠭᠠᠨ ᠰᠢᠯᠵᠢᠭᠦᠯᠬᠦ ᠳᠤ ᠬᠡᠷᠡᠭᠵᠢᠬᠦᠯᠬᠦ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ᠄ ᠭᠡᠷ ᠪᠦᠯᠢ ᠶᠢᠨ ᠠᠩᠬᠠᠨ ᠤ ᠢᠵᠢ ᠣᠷᠣᠨ ᠰᠠᠭᠤᠴᠠ ᠶᠢᠨ ᠨᠡᠶᠢᠲᠡ | ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠨᠢ ᠲᠠᠪᠤᠨ ᠵᠢᠯ ᠠᠴᠠ ᠳᠣᠷᠣᠭᠰᠢ ︵ᠲᠠᠪᠤᠨ ᠵᠢᠯ ᠢ ᠪᠠᠭᠲᠠᠭᠠᠨ᠎ᠠ︶ | ᠬᠤᠭᠤᠴᠠᠭ᠎ᠠ ᠲᠠᠢ ᠪᠣᠯ 2.60%᠂ ᠲᠠᠪᠤᠨ ᠵᠢᠯ ᠠᠴᠠ ᠳᠡᠭᠡᠭᠰᠢ ᠬᠤᠭᠤᠴᠠᠭ᠎ᠠ ᠲᠠᠢ ᠪᠣᠯ 3.10%︔ ᠭᠡᠷ ᠪᠦᠯᠢ ᠶᠢᠨ ᠬᠤᠶᠠᠳᠤᠭᠠᠷ ᠢᠵᠢ ᠣᠷᠣᠨ | ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠨᠢ ᠲᠠᠪᠤᠨ ᠵᠢᠯ ᠠᠴᠠ ᠳᠣᠷᠤᠭᠰᠢ ︵ᠲᠠᠪᠤᠨ ᠵᠢᠯ ᠢ ᠪᠠᠭᠲᠠᠭᠠᠨ᠎ᠠ︶ ᠬᠤᠭᠤᠴᠠᠭ᠎ᠠ ᠲᠠᠢ ᠪᠣᠯ 3. | 025%᠂ ᠲᠠᠪᠤᠨ ᠵᠢᠯ ᠠᠴᠠ ᠳᠡᠭᠡᠭᠰᠢ ᠬᠤᠭᠤᠴᠠᠭ᠎ᠠ ᠲᠠᠢ ᠪᠣᠯ 3.575%᠃ | 3. ᠬᠤᠳᠠᠯᠳᠤᠭᠠᠨ ᠤ ᠪᠠᠩᠬᠢ ᠶᠢᠨ ᠣᠷᠣᠨ ᠰᠠᠭᠤᠴᠠ ᠶᠢᠨ ᠪᠠᠷᠢᠴᠠᠭᠠᠲᠤ ᠵᠢᠭᠡᠯᠡᠯᠭᠡ ᠶᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ | ᠪᠣᠯᠭᠠᠨ ᠰᠢᠯᠵᠢᠭᠦᠯᠬᠦ ᠳᠤ ᠪᠠᠷᠢᠴᠠᠭᠠᠯᠠᠬᠤ ᠴᠢᠬᠤᠯᠠᠲᠠᠢ ᠤᠤ︖ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠠᠷᠢᠴᠠᠭᠠᠯᠠᠬᠤ ᠴᠢᠬᠤᠯᠠᠲᠠᠢ᠂ | ᠪᠠᠷᠢᠴᠠᠭᠠᠯᠠᠬᠤ ᠠᠷᠭ᠎ᠠ ᠮᠠᠶ᠋ᠢᠭ ᠨᠢ ᠭᠤᠷᠪᠠᠨ ᠵᠦᠢᠯ ᠪᠣᠶ ︵ᠭᠤᠷᠪᠠ ᠠᠴᠠ ᠨᠢᠭᠡ ᠶᠢ ᠰᠣᠩᠭᠤᠨ᠎ᠠ︶᠄ ᠵᠣᠭᠤᠰ ᠵᠢᠭᠡᠯᠡᠭᠴᠢ ᠡᠷ᠎ᠡ ᠡᠮ᠎ᠡ ᠬᠤᠶᠠᠭᠤᠯᠠ ᠶᠢᠨ | ᠪᠤᠰᠤᠳ ᠥᠯᠥ ᠬᠥᠳᠡᠯᠬᠦ ᠬᠥᠷᠥᠩᠭᠡ ᠪᠤᠶᠤ ᠭᠤᠷᠪᠠᠳᠠᠭᠢ ᠬᠥᠮᠥᠨ ᠤ ᠥᠯᠥ ᠬᠥᠳᠡᠯᠬᠦ ᠬᠥᠷᠥᠩᠭᠡ ᠪᠠᠷ ᠪᠠᠷᠢᠴᠠᠭᠠᠯᠠᠬᠤ︔ ᠬᠤᠳᠠᠯᠳᠤᠨ ᠠᠪᠤᠭᠰᠠᠨ | ᠬᠤᠭᠤᠴᠠᠭᠠᠲᠤ ᠭᠡᠷ ᠪᠠᠶᠢᠰᠢᠩ ᠤᠨ ᠦᠯᠦ ᠬᠥᠳᠡᠯᠬᠦ ᠬᠥᠷᠥᠩᠭᠡ ᠪᠠᠷ ᠤᠷᠢᠳᠴᠢᠯᠠᠨ ᠮᠡᠳᠡᠭᠳᠡᠵᠦ ᠪᠠᠷᠢᠴᠠᠭᠠᠯᠠᠬᠤ ᠳᠠᠩᠰᠠᠯᠠᠯᠲᠠ ᠬᠢᠯᠭᠡᠬᠦ︔ ᠬᠤᠳᠠᠯᠳᠤᠨ | ᠠᠪᠤᠭᠰᠠᠨ ᠦᠯᠦ ᠬᠥᠳᠡᠯᠬᠦ ᠬᠥᠷᠥᠩᠭᠡ ᠪᠠᠨ ᠬᠤᠶᠠᠳᠠᠭᠢ ᠤᠳᠠᠭ᠎ᠠ ᠪᠠᠷᠢᠴᠠᠭᠠᠯᠠᠬᠤ᠃ | 4. ᠬᠤᠳᠠᠯᠳᠤᠭᠠᠨ ᠤ ᠪᠠᠩᠬᠢ ᠶᠢᠨ ᠣᠷᠣᠨ ᠰᠠᠭᠤᠴᠠ ᠶᠢᠨ ᠪᠠᠷᠢᠴᠠᠭᠠᠲᠤ ᠵᠢᠭᠡᠯᠡᠯᠭᠡ ᠶᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ | ᠪᠣᠯᠭᠠᠨ ᠰᠢᠯᠵᠢᠭᠦᠯᠬᠦ ᠳᠤ ᠵᠢᠭᠡᠯᠡᠬᠦ ᠵᠢᠭᠡᠯᠡᠯᠭᠡ ᠶᠢᠨ ᠬᠠᠮᠤᠭ ᠤᠨ ᠥᠨᠳᠥᠷ ᠲᠤᠭ᠎ᠠ᠄ ᠵᠣᠭᠤᠰ ᠵᠢᠭᠡᠯᠡᠭᠴᠢ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠪᠠᠶᠢᠭᠤᠯᠤᠭᠰᠠᠨ ᠪᠠᠶᠢᠪᠠᠯ ᠬᠠᠮᠤᠭ ᠤᠨ ᠦᠨᠳᠦᠷ ᠲᠡᠭᠡᠨ100ᠲᠦᠮᠡᠨ ᠲᠥᠭᠦᠷᠢᠭ ᠵᠢᠭᠡᠯᠡᠵᠦ ᠪᠣᠯᠤᠨ᠎ᠠ︔ ᠡᠷ᠎ᠡ ᠡᠮ᠎ᠡ | ᠬᠤᠶᠠᠭᠤᠯᠠ ᠶᠢᠨ ᠨᠢᠭᠡ ᠨᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠶᠢᠭᠤᠯᠤᠭᠰᠠᠨ ᠪᠠᠶᠢᠪᠠᠯ᠂ ᠬᠠᠮᠤᠭ ᠤᠨ ᠦᠨᠳᠦᠷ ᠲᠡᠭᠡᠨ 60 ᠲᠦᠮᠡᠨ ᠲᠥᠭᠦᠷᠢᠭ | ᠵᠢᠭᠡᠯᠡᠵᠦ ᠪᠣᠯᠤᠨ᠎ᠠ᠃ | ᠣᠯᠠᠨ ᠬᠡᠦᠬᠡᠳ ᠲᠠᠢ ᠭᠡᠷ ᠪᠦᠯᠢ᠄ ᠬᠤᠶᠠᠷ ᠲᠠᠯ᠎ᠠ ᠪᠠᠷ ᠢᠶᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠶᠢᠭᠤᠯᠤᠭᠰᠠᠨ | ᠪᠠᠶᠢᠪᠠᠯ᠂ ᠬᠠᠮᠤᠭ ᠤᠨ ᠦᠨᠳᠦᠷ ᠲᠡᠭᠡᠨ 110 ᠲᠦᠮᠡᠨ ᠲᠥᠭᠦᠷᠢᠭ ᠵᠢᠭᠡᠯᠡᠵᠦ ᠪᠣᠯᠣᠨ᠎ᠠ︔ ᠡᠷ᠎ᠡ ᠡᠮ᠎ᠡ ᠬᠤᠶᠠᠭᠤᠯᠠ ᠶᠢᠨ ᠨᠢᠭᠡ ᠨᠢ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠶᠢᠭᠤᠯᠤᠭᠰᠠᠨ ᠪᠠᠶᠢᠪᠠᠯ᠂ ᠬᠠᠮᠤᠭ ᠤᠨ ᠦᠨᠳᠦᠷ ᠲᠡᠭᠡᠨ 66 ᠲᠦᠮᠡᠨ ᠲᠥᠭᠦᠷᠢᠭ ᠵᠢᠭᠡᠯᠡᠵᠦ ᠪᠣᠯᠣᠨ᠎ᠠ᠃ | 5. ᠬᠤᠳᠠᠯᠳᠤᠭᠠᠨ ᠤ ᠪᠠᠩᠬᠢ ᠶᠢᠨ ᠣᠷᠣᠨ ᠰᠠᠭᠤᠴᠠ ᠶᠢᠨ ᠪᠠᠷᠢᠴᠠᠭᠠᠲᠤ ᠵᠢᠭᠡᠯᠡᠯᠭᠡ ᠶᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ | ᠪᠣᠯᠭᠠᠨ ᠰᠢᠯᠵᠢᠭᠦᠯᠬᠦ ᠳᠤ ᠵᠢᠭᠡᠯᠡᠯᠭᠡ ᠶᠢᠨ ᠬᠠᠮᠤᠭ ᠤᠨ ᠣᠷᠳᠣ ᠬᠤᠭᠤᠴᠠᠭ᠎ᠠ᠄ ᠵᠣᠭᠤᠰ ᠵᠢᠭᠡᠯᠡᠭᠴᠢ ︵ᠬᠤᠯᠪᠣᠰᠤ᠂ ᠥᠭᠡᠷ᠎ᠡ ᠪᠠᠷ ᠬᠡᠯᠡᠪᠡᠯ ᠨᠦᠬᠦᠷ ᠪᠣᠶᠣ | ᠭᠡᠷᠭᠡᠢ ᠨᠢ ᠪᠠᠭᠲᠠᠨ᠎ᠠ︶ ᠶᠢᠨ ᠵᠢᠭᠡᠯᠡᠯᠭᠡ ᠶᠢᠨ ᠬᠤᠭᠤᠴᠠᠭ᠎ᠠ ᠨᠢ 1 ︱ 30 ᠵᠢᠯ ᠪᠥᠭᠡᠳ ᠡᠷ᠎ᠡ ᠡᠮ᠎ᠡ ᠬᠤᠶᠠᠷ ᠲᠠᠯ᠎ᠠ ᠶᠢᠨ ᠬᠠᠤᠯᠢ ᠪᠠᠷ ᠲᠣᠭᠲᠠᠭᠠᠭᠰᠠᠨ | ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠠᠴᠠ ᠳᠠᠷᠠᠭᠠᠬᠢ 5 ᠵᠢᠯ ︵ᠨᠠᠰᠤ ᠨᠢ ᠪᠠᠭ᠎ᠠ ᠪᠠᠷ ᠨᠢ ᠪᠠᠷᠢᠮᠵᠢᠶ᠎ᠠ ᠪᠣᠯᠭᠠᠨ᠎ᠠ︶ ᠠᠴᠠ ᠬᠡᠲᠦᠷᠡᠬᠦ ᠦᠭᠡᠢ᠃ | 6. ᠬᠤᠳᠠᠯᠳᠤᠭᠠᠨ ᠤ ᠪᠠᠩᠬᠢ ᠶᠢᠨ ᠣᠷᠣᠨ ᠰᠠᠭᠤᠴᠠ ᠶᠢᠨ ᠪᠠᠷᠢᠴᠠᠭᠠᠲᠤ ᠵᠢᠭᠡᠯᠡᠯᠭᠡ ᠶᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ | ᠪᠣᠯᠭᠠᠨ ᠰᠢᠯᠵᠢᠭᠦᠯᠬᠦ ᠵᠢᠭᠡᠯᠡᠯᠭᠡ ᠳᠤ ᠬᠡᠷᠡᠭᠰᠡᠬᠦ ᠮᠠᠲ᠋ᠧᠷᠢᠶᠠᠯ᠄ ᠵᠣᠭᠤᠰ ᠵᠢᠭᠡᠯᠡᠭᠴᠢ ᠡᠷ᠎ᠡ ᠡᠮ᠎ᠡ ᠬᠤᠶᠠᠭᠤᠯᠠ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ | ᠳᠡᠪᠲᠡᠷ᠂ ᠣᠷᠤᠭ ᠤᠨ ᠪᠢᠴᠢᠭ᠂ ︽ᠪᠠᠩᠬᠢ ᠶᠢᠨ ᠰᠢᠯᠵᠢᠭᠦᠯᠦᠨ ᠵᠢᠭᠡᠯᠡᠭᠦᠯᠬᠦ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠬᠦᠰᠦᠨᠦᠭᠲᠦ︾᠂ | ᠪᠠᠩᠬᠢ ᠶᠢᠨ ᠣᠷᠣᠨ ᠰᠠᠭᠤᠴᠠ ᠶᠢᠨ ᠵᠢᠭᠡᠯᠡᠯᠭᠡ ᠶᠢᠨ ᠭᠡᠷ᠎ᠡ᠂ ᠪᠥᠬᠦ ᠵᠣᠭᠤᠰ ᠢᠶᠠᠷ ᠭᠡᠷ ᠪᠠᠶᠢᠰᠢᠩ ᠬᠤᠳᠠᠯᠳᠤᠨ ᠠᠪᠤᠭᠰᠠᠨ ᠪᠠᠷᠢᠮᠲᠠ᠂ ᠰᠦᠯᠵᠢᠶᠡᠨ ᠳᠡᠭᠡᠷ᠎ᠡ | ᠭᠠᠷ ᠤᠨ ᠥᠰᠥᠭ ᠵᠢᠷᠤᠵᠤ ᠳᠠᠩᠰᠠᠯᠠᠭᠤᠯᠤᠭᠰᠠᠨ ︽ᠲᠠᠸᠠᠷ ᠤᠨ ᠭᠡᠷ ᠪᠠᠶᠢᠰᠢᠩ ᠤᠨ ᠮᠠᠶᠢᠮᠠᠢ ᠶᠢᠨ ᠭᠡᠷ᠎ᠡ︾᠂ ᠪᠠᠷᠢᠴᠠᠭᠠᠯᠠᠭᠰᠠᠨ ᠥᠯᠥ ᠬᠥᠳᠡᠯᠬᠦ | ᠬᠥᠷᠥᠩᠭᠡ ᠶᠢᠨ ᠡᠷᠬᠡ ᠶᠢᠨ ᠦᠨᠡᠮᠯᠡᠯ᠂ ᠵᠣᠭᠤᠰ ᠵᠢᠭᠡᠯᠡᠭᠴᠢ ᠶᠢᠨ ᠵᠣᠭᠤᠰ ᠪᠤᠴᠠᠭᠠᠬᠤ ᠪᠠᠩᠬᠢ ᠶᠢᠨ ᠺᠠᠷᠲ᠂ ᠭᠡᠷ ᠪᠠᠶᠢᠰᠢᠩ ᠤᠨ ᠢᠵᠢ ᠲᠤᠭ᠎ᠠ ᠶᠢ ᠪᠠᠶᠢᠴᠠᠭᠠᠨ | ᠯᠠᠪᠯᠠᠭᠰᠠᠨ ᠦᠷ᠎ᠡ ᠳ᠋ᠦᠩ᠃ | 7. ᠪᠣᠳᠠᠲᠠᠢ ᠭᠦᠢᠴᠡᠳᠬᠡᠬᠦ ᠴᠣᠪᠤᠷᠠᠯ᠄ ᠵᠢᠭᠡᠯᠡᠯᠭᠡ ᠶᠢᠨ ᠮᠠᠲ᠋ᠧᠷᠢᠶᠠᠯ ᠢᠶᠠᠨ ᠪᠦᠷᠢᠨ ᠭᠦᠢᠴᠡᠳ ᠪᠡᠯᠡᠳᠬᠡᠭᠡᠳ ᠤᠷᠢᠳᠴᠢᠯᠠᠨ ᠪᠣᠯᠵᠤᠨ᠎ᠠ → | ᠦᠢᠯᠡᠴᠢᠯᠡᠭᠡᠨ ᠤ ᠲᠠᠪᠴᠠᠩ ᠬᠢᠨᠠᠨ ᠬᠠᠷᠭᠤᠭᠤᠯᠤᠨ᠎ᠠ → ᠭᠡᠷ᠎ᠡ ᠵᠢᠭᠡᠯᠡᠭᠰᠡᠨ ᠪᠠᠷᠢᠮᠲᠠ ᠲᠤᠭᠲᠠᠨ᠎ᠠ → ᠬᠢᠨᠠᠨ ᠬᠠᠷᠭᠤᠭᠤᠯᠵᠤ ᠬᠢᠨᠠᠨ ᠵᠦᠪᠰᠢᠶᠡᠷᠡᠨ᠎ᠡ → | ᠪᠠᠷᠢᠴᠠᠭᠠᠯᠠᠬᠤ ᠶᠢ ᠨᠤᠲᠠᠯᠠᠨ᠎ᠠ → ᠵᠢᠭᠡᠯᠡᠯᠭᠡ ᠲᠠᠯᠪᠢᠨ᠎ᠠ → ᠬᠤᠪᠢ ᠬᠥᠮᠥᠨ ᠰᠠᠷ᠎ᠠ ᠪᠠᠷ ᠵᠢᠭᠡᠯᠡᠯᠭᠡ ᠪᠤᠴᠠᠭᠠᠨ᠎ᠠ | 8. ᠬᠤᠳᠠᠯᠳᠤᠭᠠᠨ ᠤ ᠪᠠᠩᠬᠢ ᠶᠢᠨ ᠣᠷᠣᠨ ᠰᠠᠭᠤᠴᠠ ᠶᠢᠨ ᠪᠠᠷᠢᠴᠠᠭᠠᠲᠤ ᠵᠢᠭᠡᠯᠡᠯᠭᠡ ᠶᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠤ ᠵᠢᠭᠡᠯᠡᠯᠡᠭᠡ ᠪᠣᠯᠭᠠᠨ ᠰᠢᠯᠵᠢᠭᠦᠯᠬᠦ ᠳᠤ ᠵᠢᠭᠡᠯᠡᠯᠭᠡ ᠶᠢ ᠤᠷᠢᠳᠴᠢᠯᠠᠨ ᠨᠢᠭᠡ ᠤᠳᠠᠭ᠎ᠠ ᠶᠢᠨ ᠴᠢᠨᠠᠷᠲᠠᠢ ᠪᠤᠴᠠᠭᠠᠬᠤ ᠴᠢᠬᠤᠯᠠᠲᠠᠢ ᠤᠤ︖ | ᠵᠢᠭᠡᠯᠡᠯᠭᠡ ᠪᠠᠨ ᠤᠷᠢᠳᠴᠢᠯᠠᠨ ᠲᠥᠯᠥᠵᠦ ᠳᠠᠭᠤᠰᠬᠠᠬᠤ ᠴᠢᠬᠤᠯᠠ ᠦᠭᠡᠢ᠃ ᠵᠣᠭᠤᠰ ᠵᠢᠭᠡᠯᠡᠭᠴᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠵᠢᠭᠡᠯᠡᠯᠭᠡ ᠭᠤᠶᠤᠴᠢᠯᠠᠭᠰᠠᠨ ᠤ ᠲᠠᠷᠠᠭ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ᠵᠢᠭᠡᠯᠡᠯᠭᠡ ᠶᠢᠨ ᠮᠦᠩᠭᠦ ᠶᠢ | ᠤᠤᠯ ᠤᠨ ᠬᠤᠳᠠᠯᠳᠤᠭᠠᠨ ᠤ ᠪᠠᠩᠬᠢ ᠶᠢᠨ ᠵᠢᠭᠡᠯᠡᠯᠭᠡ ᠶᠢᠨ ᠵᠣᠭᠤᠰ ᠪᠤᠴᠠᠭᠠᠬᠤ ᠲᠠᠩᠰᠠᠨ ᠡᠷᠦᠭᠡ ᠳᠤ ᠰᠢᠭᠤᠳ ᠣᠷᠣᠭᠤᠯᠤᠨ᠎ᠠ᠂ ᠵᠣᠭᠤᠰ ᠵᠢᠭᠡᠯᠡᠭᠴᠢ | ᠲᠠᠬᠢᠭᠠᠳ ᠤᠤᠯ ᠤᠨ ᠬᠤᠳᠠᠯᠳᠤᠭᠠᠨ ᠤ ᠪᠠᠩᠬᠢ ᠳᠤ ᠣᠴᠢᠵᠤ ᠵᠢᠭᠡᠯᠡᠯᠭᠡ ᠪᠠᠨ ᠲᠥᠯᠥᠵᠦ ᠳᠠᠭᠤᠰᠬᠠᠭᠠᠳ᠂ ᠤᠤᠯ ᠤᠨ ᠬᠤᠳᠠᠯᠳᠤᠭᠠᠨ ᠤ ᠪᠠᠩᠬᠢ ᠶᠢᠨ | ᠪᠠᠷᠢᠴᠠᠭ᠎ᠠ ᠪᠠᠨ ᠬᠦᠴᠦᠨ ᠦᠭᠡᠢ ᠪᠣᠯᠭᠠᠨ᠎ᠠ᠃ | |