ᠬᠠᠭᠤᠴᠢᠨ ᠬᠤᠷᠢᠶᠠᠯᠠᠯ ᠠᠳᠠᠯ ᠠᠬᠤᠢ ᠶᠢᠨ ᠺᠣᠮᠫᠠᠨᠢ ᠶᠢᠨ ᠦᠢᠯᠡᠴᠢᠯᠡᠭᠡ ᠦᠭᠡᠢ ᠪᠣᠯ ᠶᠠᠭᠠᠬᠢᠬᠤ ᠪᠣᠶ︖  ᠬᠤᠷᠢᠶᠠᠯᠠᠯ ᠤᠨ ᠥᠪᠡᠷᠲᠡᠭᠡᠨ ᠬᠠᠮᠢᠶᠠᠷᠬᠤ ᠵᠥᠪᠯᠡᠯ ᠢ ᠪᠠᠶᠢᠭᠤᠯᠵᠤ ᠰᠠᠭᠤᠭᠠᠯᠢ ᠠᠷᠠᠳ ᠥᠪᠡᠷᠲᠡᠭᠡᠨ ᠵᠠᠰᠠᠵᠤ ᠥᠪᠡᠷᠲᠡᠭᠡᠨ ᠬᠠᠮᠢᠶᠠᠷᠤᠨ ᠬᠦᠴᠢᠷ ᠠᠰᠠᠭᠤᠳᠠᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2023/8/22
      ᠡᠩ ᠤᠨ ᠪᠠᠶᠢᠳᠠᠯ ᠳᠤ᠂ ᠬᠤᠷᠢᠶᠠᠯᠠᠯ ᠤᠨ ᠠᠳᠠᠯ ᠠᠬᠤᠢ ᠶᠢᠨ ᠵᠠᠷᠤᠳᠠᠯ᠂ ᠠᠷᠢᠭᠤᠨ ᠴᠡᠪᠡᠷ ᠤᠨ ᠵᠠᠷᠤᠳᠠᠯ ᠢ ᠴᠦᠮ ᠠᠳᠠᠯ ᠠᠬᠤᠢ ᠶᠢᠨ ᠺᠣᠮᠫᠠᠨᠢ ᠠᠴᠠ ᠨᠢᠭᠡᠳᠦᠯᠲᠡᠢ ᠬᠤᠷᠢᠶᠠᠵᠤ᠂ ᠳᠠᠬᠢᠨ ᠠᠳᠠᠯ ᠠᠬᠤᠢ ᠶᠢᠨ ᠺᠣᠮᠫᠠᠨᠢ ᠠᠴᠠ ᠬᠤᠷᠢᠶᠠᠯᠠᠯ ᠢ ᠨᠢᠭᠡᠳᠦᠯᠲᠡᠢ ᠬᠠᠮᠢᠶᠠᠷᠤᠨ᠎ᠠ᠂ ᠭᠡᠪᠡᠴᠦ ᠵᠠᠷᠢᠮ ᠠᠳᠠᠯ ᠠᠬᠤᠢ ᠶᠢᠨ ᠺᠣᠮᠫᠠᠨᠢ ᠶᠢᠨ ᠦᠢᠯᠡᠴᠢᠯᠡᠭᠡ ᠦᠭᠡᠢ ᠬᠠᠭᠤᠴᠢᠨ ᠬᠤᠷᠢᠶᠠᠯᠠᠯ ᠳᠤ ᠠᠪᠴᠤ ᠬᠡᠯᠡᠪᠡᠯ᠂ ᠰᠦᠢᠳᠬᠡᠯ ᠬᠤᠷᠢᠶᠠᠬᠤ ᠬᠥᠮᠥᠨ ᠦᠭᠡᠢ᠂ ᠦᠢᠯᠡᠴᠢᠯᠡᠭᠡ ᠬᠠᠩᠭᠠᠬᠤ ᠬᠥᠮᠥᠨ ᠦᠭᠡᠢ ᠪᠠᠶᠢᠳᠠᠭ ᠨᠢ ᠰᠠᠭᠤᠭᠠᠯᠢ ᠠᠷᠠᠳ ᠢ ᠭᠠᠴᠢᠭᠳᠠᠭᠤᠯᠬᠤ ᠬᠦᠴᠢᠷ ᠠᠰᠠᠭᠤᠳᠠᠯ ᠪᠣᠯᠵᠤ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ᠂ ᠠᠳᠠᠯᠢᠬᠠᠨ ᠢᠶᠠᠷ ᠠᠳᠠᠯ ᠠᠬᠤᠢ ᠶᠢᠨ ᠺᠣᠮᠫᠠᠨᠢ ᠶᠢᠨ ᠦᠢᠯᠡᠴᠢᠯᠡᠭᠡ ᠦᠭᠡᠢ ᠴᠠᠭᠠᠨ ᠰᠣᠪᠤᠷᠭ᠎ᠠ ᠠᠮᠤ ᠪᠤᠳᠠᠭᠠᠨ ᠤ ᠬᠥᠮᠥᠷᠭᠡ ᠶᠢᠨ ᠬᠤᠷᠢᠶᠠᠯᠠᠯ ᠳᠤ ᠡᠨᠡ ᠬᠦ ᠬᠦᠴᠢᠷ ᠠᠰᠠᠭᠤᠳᠠᠯ ᠳᠠᠭᠢᠵᠤ ᠲᠤᠯᠭᠠᠷᠠᠭᠰᠠᠨ ᠦᠭᠡᠢ᠂ ᠡᠨᠡ ᠨᠢ ᠶᠠᠭᠤᠨ ᠤ ᠤᠴᠢᠷ ᠠᠴᠠ ᠪᠣᠯᠤᠭᠰᠠᠨ  ᠪᠣᠯ︖       ᠰᠢᠨ᠎ᠡ ᠬᠤᠲᠠ ᠲᠣᠭᠤᠷᠢᠭ ᠤᠨ ᠴᠠᠭᠠᠨ ᠰᠣᠪᠤᠷᠭ᠎ᠠ ᠠᠮᠤ ᠪᠤᠳᠠᠭᠠᠨ ᠤ ᠬᠥᠮᠥᠷᠭᠡ ᠶᠢᠨ ᠬᠤᠷᠢᠶᠠᠯᠠᠯ ᠨᠢ ᠠᠳᠠᠯ ᠠᠬᠤᠢ ᠦᠭᠡᠢ ᠬᠤᠷᠢᠶᠠᠯᠠᠯ ᠪᠠᠶᠢᠵᠤ᠂ ᠠᠮᠢᠳᠤᠷᠠᠯ ᠤᠨ ᠬᠤᠭ ᠨᠣᠪᠰᠢ ᠶᠢ ᠮᠢᠩ ᠰᠢᠶᠠᠩ ᠶᠤᠸᠠᠨ ᠤ ᠹᠦ᠋ ᠬᠤᠸᠠ ᠠᠳᠠᠯ ᠠᠬᠤᠢ ᠶᠢᠨ ᠺᠣᠮᠫᠠᠨᠢ ᠠᠴᠠ ᠣᠷᠣᠯᠠᠨ ᠴᠡᠪᠡᠷᠯᠡᠭᠰᠡᠭᠡᠷ ᠢᠷᠡᠵᠡᠶ᠂ ᠡᠨᠡ ᠵᠢᠯ ᠤᠨ 8 ᠳ᠋ᠤᠭᠠᠷ ᠰᠠᠷ᠎ᠠ ᠶᠢᠨ ᠡᠬᠢᠨ ᠠᠴᠠ ᠡᠬᠢᠯᠡᠨ᠂ ᠵᠠᠷᠤᠳᠠᠯ ᠦᠷᠢᠳᠦᠭᠰᠡᠨ ᠠᠰᠠᠭᠤᠳᠠᠯ ᠠᠴᠠ ᠪᠣᠯᠵᠤ ᠹᠦ᠋ ᠬᠤᠸᠠ ᠠᠳᠠᠯ ᠠᠬᠤᠢ ᠶᠢᠨ ᠺᠣᠮᠫᠠᠨᠢ ᠴᠠᠭᠠᠨ ᠰᠣᠪᠤᠷᠭ᠎ᠠ ᠠᠮᠤ ᠪᠤᠳᠠᠭᠠᠨ ᠤ ᠬᠥᠮᠥᠷᠭᠡ ᠶᠢᠨ ᠬᠤᠷᠢᠶᠠᠯᠠᠯ ᠤᠨ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠪᠠᠨ ᠵᠣᠭᠰᠤᠭᠰᠠᠨ ᠠᠴᠠ ᠬᠤᠷᠢᠶᠠᠯᠠᠯ ᠳᠤ ᠬᠤᠭ ᠨᠣᠪᠰᠢ  ᠣᠪᠤᠭᠠᠷᠠᠭᠠᠳ ᠣᠷᠴᠢᠨ ᠲᠣᠭᠤᠷᠢᠨ ᠢ ᠨᠦᠯᠦᠭᠡᠯᠡᠭᠰᠡᠨ ᠪᠠᠷᠠᠬᠤ ᠦᠭᠡᠢ᠂ ᠰᠠᠭᠤᠭᠠᠯᠢ ᠠᠷᠠᠳ ᠤᠨ ᠠᠮᠢᠳᠤᠷᠠᠯ ᠳᠤ ᠴᠤ ᠳᠥᠭᠦᠮ ᠦᠭᠡᠢ ᠪᠣᠯᠭᠠᠵᠠᠢ᠃      ᠰᠠᠭᠤᠭᠠᠯᠢ ᠠᠷᠠᠳ ᠤᠨ ᠬᠤᠷᠢᠶᠠᠯᠠᠯ ᠤᠨ ᠪᠣᠳᠠᠲᠠᠢ ᠪᠠᠶᠢᠳᠠᠯ ᠢ ᠪᠣᠳᠣᠯᠬᠢᠯᠠᠨ᠂ ᠠᠢ ᠮᠢᠨ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠰᠠᠭᠤᠭᠠᠯᠢ ᠠᠷᠠᠳ ᠤᠨ ᠲᠥᠯᠥᠭᠡᠯᠡᠭᠴᠢ᠂ ᠠᠰᠠᠷ ᠤᠨ ᠲᠥᠯᠥᠭᠡᠯᠡᠭᠴᠢ ᠲᠠᠢ ᠣᠯᠠᠨ ᠤᠳᠠᠭ᠎ᠠ ᠵᠦᠪᠯᠡᠭᠡᠳ ᠰᠠᠭᠤᠭᠠᠯᠢ ᠠᠷᠠᠳ ᠤᠨ ᠬᠤᠷᠢᠶᠠᠯᠠᠯ ᠤᠨ ᠥᠪᠡᠷᠲᠡᠭᠡᠨ ᠬᠠᠮᠢᠶᠠᠷᠬᠤ ᠵᠥᠪᠯᠡᠯ ᠪᠠᠶᠢᠭᠤᠯᠬᠤ ᠶᠢᠨ ᠬᠠᠮᠲᠤ ᠣᠷᠣᠯᠠᠨ ᠰᠦᠢᠳᠬᠡᠯ ᠬᠤᠷᠢᠶᠠᠬᠤ ᠪᠠᠷ ᠲᠣᠭᠲᠠᠪᠠ᠂ ᠪᠥᠬᠦ ᠰᠠᠭᠤᠭᠠᠯᠢ ᠠᠷᠠᠳ ᠠᠷᠢᠭᠤᠨ ᠴᠡᠪᠡᠷ ᠤᠨ ᠰᠦᠢᠳᠬᠡᠯ ᠢᠶᠠᠨ ᠲᠤᠰᠢᠶᠠᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠬᠤᠷᠢᠶᠠᠯᠠᠯ ᠤᠨ ᠥᠪᠡᠷᠲᠡᠭᠡᠨ ᠬᠠᠮᠢᠶᠠᠷᠬᠤ ᠵᠥᠪᠯᠡᠯ ᠢ ᠬᠠᠪᠰᠤᠷᠤᠨ ᠠᠳᠠᠯ ᠠᠬᠤᠢ  ᠶᠢᠨ ᠺᠣᠮᠫᠠᠨᠢ ᠲᠠᠢ ᠵᠣᠯᠭᠠᠭᠤᠯᠵᠤ᠂ ᠰᠦᠢᠳᠬᠡᠯ ᠬᠤᠷᠢᠶᠠᠬᠤ ᠨᠠᠷᠢᠨ ᠵᠦᠢᠯᠡᠰ ᠢ ᠵᠠᠷᠯᠠᠨ ᠨᠡᠶᠢᠲᠡᠯᠡᠨ᠎ᠡ᠂ ᠡᠨᠡ ᠬᠦ ᠲᠣᠭᠲᠠᠭᠠᠯ ᠨᠢ  ᠴᠠᠭᠠᠨ ᠰᠣᠪᠤᠷᠭ᠎ᠠ ᠠᠮᠤ ᠪᠤᠳᠠᠭᠠᠨ ᠤ ᠬᠥᠮᠥᠷᠭᠡ  ᠶᠢᠨ ᠬᠤᠷᠢᠶᠠᠯᠠᠯ ᠤᠨ ᠰᠠᠭᠤᠭᠠᠯᠢ ᠠᠷᠠᠳ ᠤᠨ ᠵᠦᠪᠰᠢᠶᠡᠷᠡᠯ ᠢ ᠣᠯᠣᠭᠰᠠᠨ ᠪᠠᠶᠢᠨ᠎ᠠ᠃  ᠠᠢ ᠮᠢᠨ ᠨᠡᠶᠢᠭᠡᠮ ᠲᠣᠭᠤᠷᠢᠭ ᠤᠨ ᠠᠵᠢᠯᠲᠠᠨ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠄ ︽ᠴᠠᠭᠠᠨ ᠰᠣᠪᠤᠷᠭ᠎ᠠ ᠠᠮᠤ ᠪᠤᠳᠠᠭᠠᠨ ᠤ ᠬᠥᠮᠥᠷᠭᠡ ᠶᠢᠨ ᠬᠤᠷᠢᠶᠠᠯᠠᠯ ᠤᠨ ᠰᠠᠭᠤᠭᠠᠯᠢ ᠠᠷᠠᠳ ᠤᠨ ᠣᠯᠠᠩᠬᠢ ᠨᠢ ᠨᠠᠰᠤᠲᠠᠢ ᠬᠥᠮᠥᠨ᠂ ᠵᠠᠷᠢᠮ ᠨᠠᠰᠤᠲᠠᠨ ᠬᠤᠷᠢᠶᠠᠯᠠᠯ ᠤᠨ ᠠᠷᠢᠭᠤᠨ ᠴᠡᠪᠡᠷ ᠤᠨ ᠵᠠᠷᠤᠳᠠᠯ ᠢ ᠥᠪᠡᠷ ᠢᠶᠠᠨ ᠲᠤᠰᠢᠶᠠᠬᠤ ᠦᠭᠡᠢ ᠭᠡᠵᠦ ᠦᠵᠡᠵᠡᠭᠡᠭᠰᠡᠨ ᠪᠠᠶᠢᠨ᠎ᠠ᠂ ᠢᠩᠭᠢᠭᠡᠳ ᠰᠠᠭᠤᠭᠠᠯᠢ ᠠᠷᠠᠳ ᠠᠷᠢᠭᠤᠨ ᠴᠡᠪᠡᠷ ᠤᠨ ᠵᠠᠷᠤᠳᠠᠯ ᠢ ᠤᠳᠠᠭᠠᠰᠢᠷᠠᠭᠤᠯᠤᠨ ᠲᠤᠰᠢᠶᠠᠬᠤ ᠪᠤᠶᠤ ᠲᠤᠰᠢᠶᠠᠬᠤ ᠶᠢ ᠲᠡᠪᠴᠢᠭᠰᠡᠨ ᠪᠠᠶᠢᠳᠠᠯ ᠣᠷᠣᠰᠢᠭᠰᠠᠭᠠᠷ ᠪᠠᠶᠢᠪᠠ᠃ ᠬᠠᠷᠢᠶ᠎ᠠ ᠣᠷᠣᠨ ᠳᠠᠬᠢ ᠥᠪᠡᠷᠲᠡᠭᠡᠨ ᠬᠠᠮᠢᠶᠠᠷᠬᠤ ᠬᠤᠷᠢᠶᠠᠯᠠᠯ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠬᠡᠪ ᠤᠨ ᠠᠵᠢᠯᠯᠠᠭ᠎ᠠ ᠶᠢ ᠪᠠᠲᠤᠯᠠᠵᠤ᠂ ᠰᠠᠭᠤᠭᠠᠯᠢ ᠠᠷᠠᠳ ᠤᠨ ᠨᠠᠩ ᠰᠠᠶᠢᠨ ᠠᠮᠢᠳᠤᠷᠠᠬᠤ ᠶᠢ ᠪᠠᠲᠤᠯᠠᠬᠤ ᠶᠢᠨ ᠲᠥᠯᠥᠭᠡ᠂ ᠲᠣᠰ ᠬᠤᠷᠢᠶᠠᠯᠠᠯ ᠤᠨ ᠥᠪᠡᠷᠲᠡᠭᠡᠨ ᠬᠠᠮᠢᠶᠠᠷᠬᠤ ᠵᠥᠪᠯᠡᠯ ᠪᠠᠶᠢᠭᠤᠯᠤᠭᠳᠠᠭᠰᠠᠨ ᠤ ᠳᠠᠷᠠᠭ᠎ᠠ᠂ ᠪᠢᠳᠡ ᠣᠯᠠᠨ ᠤᠳᠠᠭ᠎ᠠ ᠥᠪᠡᠷᠲᠡᠭᠡᠨ ᠬᠠᠮᠢᠶᠠᠷᠬᠤ ᠵᠥᠪᠯᠡᠯ ᠤᠨ ᠠᠵᠢᠯᠲᠠᠨ ᠤ ᠬᠤᠷᠠᠯ ᠬᠤᠷᠠᠯᠳᠤᠭᠤᠯᠵᠤ᠂ ᠲᠡᠳᠡᠨ ᠤ ᠬᠤᠷᠢᠶᠠᠯᠠᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠰ ᠬᠤᠷᠢᠶᠠᠯᠠᠯ ᠤᠨ ᠨᠠᠰᠤᠲᠠᠶᠢᠴᠤᠳ ᠲᠤ ᠤᠬᠠᠭᠤᠯᠤᠨ ᠲᠦᠭᠡᠮᠡᠯᠵᠢᠭᠦᠯᠵᠦ᠂ ᠲᠡᠳᠡᠨ ᠳᠤ ᠰᠦᠢᠳᠬᠡᠯ ᠲᠤᠰᠢᠶᠠᠪᠠᠯ ᠰᠠᠶ᠋ᠢ ᠠᠳᠠᠯ ᠠᠬᠤᠢ ᠶᠢᠨ ᠦᠢᠯᠡᠴᠢᠯᠡᠭᠡ ᠶᠢ ᠭᠥᠷᠳᠡᠵᠦ ᠪᠣᠯᠬᠤ ᠶᠢ ᠬᠡᠯᠡᠵᠦ ᠥᠭᠬᠦ ᠶᠢ ᠬᠦᠰᠡᠪᠡ᠃ ᠪᠢᠳᠡ ᠬᠤᠷᠢᠶᠠᠯᠠᠯ ᠤᠨ ᠥᠪᠡᠷᠲᠡᠭᠡᠨ ᠬᠠᠮᠢᠶᠠᠷᠬᠤ ᠵᠥᠪᠯᠡᠯ ᠢ ᠬᠠᠮᠵᠢᠨ ᠠᠳᠠᠯ ᠠᠬᠤᠢ ᠶᠢᠨ ᠺᠣᠮᠫᠠᠨᠢ ᠲᠠᠢ ᠵᠣᠯᠭᠠᠭᠤᠯᠵᠤ᠂ ᠠᠳᠠᠯ ᠠᠬᠤᠢ ᠶᠢᠨ ᠺᠣᠮᠫᠠᠨᠢ ᠪᠠᠷ ᠬᠤᠭ ᠨᠣᠪᠰᠢ ᠶᠢ ᠴᠡᠪᠡᠷᠯᠡᠨ ᠵᠥᠭᠡᠭᠡᠪᠦᠷᠢᠯᠡᠬᠦ ᠠᠵᠢᠯ ᠬᠢᠯᠭᠡᠨ᠎ᠡ᠂ ᠢᠩᠭᠢᠪᠡᠯ ᠬᠤᠷᠢᠶᠠᠯᠠᠯ ᠤᠨ ᠰᠠᠭᠤᠭᠠᠯᠢ ᠠᠷᠠᠳ ᠤᠨ ᠤᠬᠠᠮᠰᠠᠷ ᠠᠴᠠ ᠪᠠᠨ ᠰᠦᠢᠳᠬᠡᠯ ᠲᠤᠰᠢᠶᠠᠬᠤ ᠵᠣᠷᠢᠯᠭ᠎ᠠ ᠳᠤ ᠬᠦᠷᠴᠦ ᠴᠢᠳᠠᠬᠤ ᠪᠥᠭᠡᠳ ᠨᠡᠶᠢᠭᠡᠮ ᠲᠣᠭᠤᠷᠢᠭ ᠤᠨ ᠵᠣᠬᠢᠴᠠᠭᠤᠯᠭ᠎ᠠ ᠳᠣᠣᠷ᠎ᠠ ᠠᠳᠠᠯ ᠠᠬᠤᠢ  ᠶᠢᠨ ᠺᠣᠮᠫᠠᠨᠢ ᠲᠠᠢ ᠠᠮᠵᠢᠯᠲᠠᠲᠠᠢ ᠵᠣᠯᠭᠠᠭᠤᠯᠵᠤ ᠴᠢᠳᠠᠨ᠎ᠠ︾ ᠭᠡᠵᠡᠢ᠃      ︽ᠬᠤᠷᠢᠶᠠᠯᠠᠯ ᠤᠨ ᠥᠪᠡᠷᠲᠡᠭᠡᠨ ᠬᠠᠮᠢᠶᠠᠷᠬᠤ ᠵᠥᠪᠯᠡᠯ ᠪᠣᠯ ᠠᠳᠠᠯ ᠠᠬᠤᠢ ᠶᠢᠨ ᠬᠠᠮᠢᠶᠠᠷᠤᠯᠲᠠ ᠦᠭᠡᠢ ᠬᠤᠷᠢᠶᠠᠯᠠᠯ ᠨᠢ ᠨᠡᠶᠢᠭᠡᠮ ᠲᠣᠭᠤᠷᠢᠭ ᠤᠨ ᠳᠡᠮᠵᠢᠯᠭᠡ ᠳᠣᠣᠷ᠎ᠠ ᠪᠠᠶᠢᠭᠤᠯᠤᠭᠰᠠᠨ ᠥᠪᠡᠷᠲᠡᠭᠡᠨ ᠵᠠᠰᠠᠬᠤ ᠠᠳᠠᠯ ᠠᠬᠤᠢ ᠶᠢᠨ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠪᠣᠯᠣᠨ᠎ᠠ᠃ ᠭᠡᠰᠢᠭᠦᠨ ᠨᠢ ᠭᠤᠣᠯᠳᠠᠭᠤ ᠬᠤᠷᠢᠶᠠᠯᠠᠯ ᠤᠨ ᠰᠠᠭᠤᠭᠠᠯᠢ ᠠᠷᠠᠳ ᠢᠶᠠᠷ ᠪᠦᠷᠢᠯᠳᠦᠵᠦ᠂ ᠲᠡᠳᠡ ᠨᠢᠭᠡ ᠲᠠᠯ᠎ᠠ ᠪᠠᠷ ᠰᠠᠭᠤᠭᠠᠯᠢ ᠠᠷᠠᠳ ᠢ ᠱᠠᠭᠠᠷᠳᠠᠨ ᠠᠳᠠᠯ ᠠᠬᠤᠢ ᠶᠢᠨ ᠬᠠᠮᠢᠶᠠᠷᠤᠯᠲᠠ ᠶᠢᠨ ᠰᠦᠢᠳᠬᠡᠯ ᠲᠤᠰᠢᠶᠠᠯᠭᠠᠬᠤ ᠪᠠᠷ ᠳᠡᠮᠵᠢᠨ ᠬᠤᠷᠢᠶᠠᠯᠠᠯ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠦᠬᠦᠭᠡ ᠲᠠᠯ᠎ᠠ ᠪᠠᠷ ᠨᠡᠶᠢᠭᠡᠮ ᠲᠣᠭᠤᠷᠢᠭ ᠪᠠ ᠰᠠᠭᠤᠭᠠᠯᠢ ᠠᠷᠠᠳ ᠤᠨ ᠬᠤᠭᠤᠷᠣᠨᠳᠣᠬᠢ ᠬᠤᠯᠪᠣᠭᠠᠰᠤ ᠪᠣᠯᠤᠭᠰᠠᠨ ᠤ ᠬᠤᠪᠢ ᠳᠤ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠳᠠᠬᠢᠨ ᠨᠡᠶᠢᠭᠡᠮ ᠲᠣᠭᠤᠷᠢᠭ ᠲᠤ ᠬᠠᠮᠵᠢᠯᠴᠠᠨ ᠤᠯᠠᠮ ᠨᠢᠭᠡ ᠠᠯᠬᠤᠮ ᠠᠵᠢᠯ ᠥᠷᠨᠢᠭᠦᠯᠦᠨ᠂ ᠨᠡᠶᠢᠭᠡᠮ ᠲᠣᠭᠤᠷᠢᠭ ᠠᠴᠠ ᠬᠠᠮᠵᠢᠵᠤ᠂ ᠥᠪᠡᠷᠲᠡᠭᠡᠨ ᠬᠠᠮᠢᠶᠠᠷᠬᠤ ᠵᠥᠪᠯᠡᠯ ᠠᠴᠠ ᠥᠪᠡᠷᠲᠡᠭᠡᠨ ᠬᠠᠮᠢᠶᠠᠷᠬᠤ ᠵᠠᠭᠪᠤᠷ ᠢᠶᠠᠷ᠂ ᠠᠳᠠᠯ ᠠᠬᠤᠢ ᠶᠢᠨ ᠦᠢᠯᠡᠴᠢᠯᠡᠭᠡ ᠶᠢᠨ ᠬᠠᠮᠢᠶᠠᠷᠤᠯᠲᠠ ᠦᠭᠡᠢ ᠬᠤᠷᠢᠶᠠᠯᠠᠯ ᠤᠨ ᠬᠠᠮᠢᠶᠠᠷᠤᠯᠲᠠ ᠤᠨ ᠠᠰᠠᠭᠤᠳᠠᠯ ᠢ ᠰᠢᠢᠳᠪᠦᠷᠢᠯᠡᠬᠦ ᠳᠤ ᠢᠳᠡᠪᠬᠢᠲᠡᠢ ᠦᠢᠯᠡᠳᠦᠯ ᠦᠵᠡᠭᠦᠯᠦᠭᠰᠡᠨ ᠪᠦᠭᠡᠳ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠢ ᠴᠤ ᠤᠯᠠᠮ ᠬᠠᠨᠤᠮᠵᠢᠲᠠᠶ ᠪᠣᠯᠭᠠᠵᠠᠢ︾ ᠭᠡᠵᠦ ᠠᠢ ᠮᠢᠨ ᠨᠡᠶᠢᠭᠡᠮ ᠲᠣᠭᠤᠷᠢᠭ ᠤᠨ ᠠᠵᠢᠯᠲᠠᠨ ᠶᠠᠷᠢᠵᠤ ᠪᠠᠶᠢᠯ᠎ᠠ᠃                                                                 ᠰᠤᠷᠪᠤᠯᠵᠢᠯᠠᠭᠴᠢ ᠮᠠ ᠶᠠᠨᠢᠷᠡᠯᠲᠡ᠄  ᠬᠦᠬᠡᠬᠣᠲᠠ ᠶᠢᠨ ᠰᠣᠨᠢᠨ ᠮᠡᠳᠡᠭᠡᠨ ᠠᠯᠪᠠᠨ ᠰᠦᠯᠵᠢᠶ᠎ᠡ ︵ᠴᠢᠩ ᠴᠧᠩ ᠷᠦᠩ ᠮᠸᠢ︶
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ