| | | 8 ᠳ᠋ᠤᠭᠠᠷ ᠰᠠᠷ᠎ᠠ ᠶᠢᠨ 21 ᠤ ᠡᠳᠦᠷ᠂ 24 ᠴᠢᠩᠬᠡᠯᠢᠭᠲᠦ ᠠᠴᠢᠶᠠᠨ ᠤ ᠮᠠᠰᠢᠨ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠣᠶᠤᠨᠴᠢᠯᠠᠭᠰᠠᠨ ᠪᠣᠭᠤᠮᠲᠠ ᠪᠠᠷ ᠡᠮᠬᠢ ᠵᠢᠷᠤᠮ ᠲᠠᠢ ᠥᠩᠭᠡᠷᠡᠵᠦ᠂ ᠬᠦᠷᠢᠶᠡᠯᠡᠩ ᠲᠣᠭᠤᠷᠢᠭ ᠤᠨ ᠴᠢᠩᠭᠡᠯᠢᠭ ᠤᠨ ᠳᠠᠮᠵᠢᠭᠤᠯᠤᠨ ᠲᠡᠭᠡᠭᠡᠪᠦᠷᠢᠯᠡᠬᠦ ᠲᠥᠪ ᠲᠤ | ᠤᠷᠤᠭᠰᠢᠲᠠᠢ ᠪᠠᠷ ᠣᠷᠣᠬᠤ ᠶᠢ ᠳᠠᠭᠠᠯᠳᠤᠨ᠂ ︽ᠣᠷᠣᠨ ᠪᠠ ᠭᠠᠷᠠᠮ ᠬᠤᠯᠪᠤᠭᠠᠯᠠᠨ ᠬᠥᠳᠡᠯᠦᠯᠴᠡᠬᠦ︾ ᠵᠠᠭᠪᠤᠷ ᠤᠨ ᠠᠩᠬᠠᠨ ᠤ ᠪᠦᠯᠦᠭ ᠬᠢᠯᠢ ᠪᠠᠷ | ᠣᠷᠣᠭᠰᠠᠨ ᠪᠠᠷᠠᠭ᠎ᠠ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠠᠮᠵᠢᠯᠲᠠ ᠲᠠᠢ ᠪᠠᠷ ᠪᠣᠭᠤᠮᠲᠠ ᠥᠩᠭᠡᠷᠡᠪᠡ᠃ | ᠲᠣᠰ ᠤᠳᠠᠭᠠᠨ ᠤ ᠪᠣᠭᠤᠮᠲᠠ ᠪᠠᠷ ᠥᠩᠭᠡᠷᠡᠬᠦ ᠪᠠᠷ ᠮᠡᠳᠡᠭᠦᠯᠦᠭᠰᠡᠨ ᠪᠠᠷᠠᠭ᠎ᠠ ᠨᠢ ᠭᠠᠳᠠᠭᠠᠳᠤ ᠠᠴᠠ ᠣᠷᠣᠭᠤᠯᠤᠭᠰᠠᠨ ᠴᠠᠷᠭᠠᠰᠤ ᠶᠢᠨ ᠡᠪᠡᠰᠦ ᠪᠣᠯᠣᠨ᠎ᠠ᠂ | ᠨᠡᠶᠢᠲᠡ 24 ᠪᠠᠷᠠᠭᠠᠨ ᠤ ᠠᠪᠳᠠᠷ᠎ᠠ᠂ ᠪᠠᠷᠠᠭᠠᠨ ᠤ ᠥᠷᠲᠡᠭ ᠨᠢ ᠪᠠᠷᠤᠭ 200 ᠲᠦᠮᠡᠨ ᠲᠥᠭᠦᠷᠢᠭ ᠬᠦᠷᠦᠨ᠎ᠡ᠂ ᠡᠨᠡ ᠪᠣᠯ ᠬᠥᠬᠡᠬᠤᠲᠠ ᠶᠢᠨ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠬᠢᠭᠡᠳ ᠲᠢᠶᠠᠨᠵᠢᠨ ᠭᠠᠷᠠᠮ ᠤᠨ ᠬᠠᠮᠲᠤᠷᠠᠯᠴᠠᠭᠰᠠᠨ ᠠᠩᠬᠠᠨ ᠤ ︽ᠣᠷᠣᠨ ᠪᠠ ᠭᠠᠷᠠᠮ ᠬᠤᠯᠪᠤᠭᠠᠯᠠᠨ | ᠬᠥᠳᠡᠯᠦᠯᠴᠡᠬᠦ︾ ᠲᠤᠬᠠᠶᠢᠯᠠᠭᠰᠠᠨ ᠠᠵᠢᠯ ᠮᠥᠨ᠂ ᠪᠠᠰᠠ ᠴᠤ ᠮᠠᠨ ᠤ ᠬᠤᠲᠠ ᠶᠢᠨ ᠠᠩᠬᠠᠨ ᠤ ︽ᠣᠷᠣᠨ ᠪᠠ ᠭᠠᠷᠠᠮ ᠬᠤᠯᠪᠤᠭᠠᠯᠠᠨ ᠬᠥᠳᠡᠯᠦᠯᠴᠡᠬᠦ︾ | ᠵᠠᠭᠪᠤᠷ ᠤᠨ ᠭᠠᠳᠠᠭᠠᠳᠤ ᠠᠴᠠ ᠣᠷᠣᠭᠤᠯᠬᠤ ᠲᠤᠬᠠᠶᠢᠯᠠᠭᠰᠠᠨ ᠠᠵᠢᠯ ᠮᠥᠨ᠃ ᠰᠤᠷᠪᠤᠯᠵᠢᠯᠠᠭᠴᠢ ᠶᠦᠨ ᠶᠠᠨ ᠹᠠᠩ ᠭᠧᠩ ᠰᠢᠨ ᠴᠢᠮᠡᠭᠡᠯᠡᠭᠴᠢ ᠭᠤᠤ ᠬᠤᠩ | ᠢᠦᠢ ᠰᠡᠭᠦᠳᠡᠷᠯᠡᠪᠡ |