ᠦᠵᠡᠮᠵᠢ ᠲᠡᠭᠦᠰ ᠶᠡᠭᠡ ᠲᠦᠷᠭᠡᠨ ᠭᠤᠣᠯ
ᠨᠡᠶᠢᠲᠡᠯᠡᠭᠰᠡᠨ ᠴᠠᠭ᠄
2023/8/23
       2022 ᠣᠨ ᠳᠤ᠂ ᠮᠠᠨ ᠤ ᠬᠤᠳᠠ ᠶᠡᠭᠡ ᠲᠦᠷᠭᠡᠨ ᠭᠤᠣᠯ ᠤᠨ ᠬᠤᠳᠠ ᠶᠢᠨ ᠲᠣᠭᠤᠷᠢᠭ ᠳᠣᠲᠣᠷᠠᠬᠢ ᠬᠡᠰᠡᠭ ᠤᠨ ᠰᠠᠪᠠ ᠭᠠᠵᠠᠷ ᠲᠤ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠢ ᠪᠦᠬᠦ ᠲᠠᠯ᠎ᠠ ᠪᠠᠷ ᠪᠠᠶᠢᠭᠤᠯᠵᠤ᠂ ᠤᠮᠠᠷᠠᠲᠤ ᠲᠠᠯ᠎ᠠ ᠶᠢᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠠᠮᠢ ᠠᠬᠤᠢ ᠶᠢᠨ ᠪᠦᠰᠡ ᠲᠠᠢ ᠬᠠᠮᠲᠤᠪᠠᠷ ᠣᠷᠣᠨ ᠤ ᠲᠥᠪ ᠬᠤᠲᠠ ᠶᠢᠨ ︽ᠡᠮᠦᠨᠡᠲᠦ ᠤᠮᠠᠷᠠᠲᠤ ᠶᠢᠨ ᠬᠤᠣᠰ ᠵᠠᠭᠤᠨ︾ ᠲᠡᠭᠰᠢ ᠳᠥᠷᠪᠡᠯᠵᠢᠨ  ᠺᠢᠯᠤᠮᠧᠲᠷ ᠤᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠷᠢᠯᠳᠦᠭᠦᠯᠵᠦ᠂ ᠣᠷᠣᠨ ᠤ ᠲᠥᠪ ᠤᠨ ᠬᠥᠬᠡ ᠨᠣᠭᠤᠭᠠᠨ ᠣᠷᠣᠨ ᠵᠠᠢ ᠶᠢᠨ ᠵᠠᠩᠭᠢᠯᠠᠭ᠎ᠠ ᠶᠢᠨ ᠴᠢᠨᠠᠷᠲᠠᠢ ᠠᠮᠢ ᠠᠬᠤᠢ ᠶᠢᠨ ᠪᠦᠷᠢᠯᠳᠦᠯ ᠡᠯᠧᠮᠧᠨ᠋ᠲ ᠢ ᠪᠣᠢ ᠪᠣᠯᠭᠠᠭᠰᠠᠨ ᠪᠠᠶᠢᠨ᠎ᠠ᠃      ᠲᠣᠰ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠳᠠᠭᠠᠯᠳᠤᠨ᠂ ᠴᠥᠭᠡᠨ ᠪᠤᠰᠤ ᠦᠵᠡᠮᠵᠢ ᠵᠠᠯᠭᠠᠭ᠎ᠠ ᠪᠠᠷ ᠪᠦᠷᠢᠯᠳᠦᠵᠦ᠂ ᠶᠡᠭᠡ ᠲᠦᠷᠭᠡᠨ ᠭᠤᠣᠯ ᠤᠨ ᠴᠡᠷᠢᠭ ᠤᠨ ᠰᠣᠶᠣᠯ ᠤᠨ ᠴᠡᠩᠭᠡᠯ ᠤᠨ ᠬᠦᠷᠢᠶᠡᠯᠡᠩ᠂ ᠲᠤᠯᠤᠭᠠᠨ ᠭᠤᠣᠯ ᠰᠡᠳᠦᠪᠲᠦ ᠴᠡᠴᠡᠭ ᠤᠨ ᠲᠡᠯᠡᠶ ᠨᠢ ᠴᠥᠮ ᠥᠷᠭᠡᠨ ᠣᠯᠠᠨ ᠬᠤᠲᠠ ᠶᠢᠨ ᠠᠷᠠᠳ ᠤᠨ ᠰᠡᠯᠡᠭᠦᠴᠡᠯ᠂ ᠵᠤᠭ᠎ᠠ ᠴᠡᠩᠭᠡᠯ ᠤᠨ ᠵᠠᠪᠠᠯ ᠰᠣᠩᠭᠤᠬᠤ ᠰᠣᠳᠣᠨ ᠭᠠᠵᠠᠷ ᠪᠣᠯᠤᠭᠰᠠᠨ ᠪᠠᠶᠢᠨ᠎ᠠ᠃ ᠢᠯᠠᠩᠭᠤᠶ᠎ᠠ ᠶᠡᠭᠡ ᠲᠦᠷᠭᠡᠨ ᠭᠤᠣᠯ ᠤᠨ ︽ᠲᠡᠭᠦᠷᠭᠡ ᠶᠢᠨ ᠬᠤᠸᠠᠷ ᠴᠡᠴᠡᠭ ᠤᠨ ᠪᠦᠰᠡ︾ ᠨᠢ ᠬᠥᠮᠥᠰ ᠤᠨ ᠰᠡᠳᠬᠢᠯ ᠰᠠᠨᠠᠭ᠎ᠠ ᠶᠢ ᠠᠭᠤᠵᠢᠷᠠᠭᠤᠯᠵᠤ᠂ ᠵᠣᠯ ᠵᠢᠷᠭᠠᠯ ᠤᠨ ᠰᠡᠳᠬᠢᠭᠳᠡᠯ ᠢ ᠨᠡᠮᠡᠭᠳᠡᠭᠦᠯᠦᠨ᠎ᠡ᠃ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ