ᠬᠤᠷᠢᠨᠭᠡᠷ ᠰᠢᠶᠠᠨ᠄ ᠢᠳᠡᠭᠡᠨ ᠤ ᠦᠢᠯᠡᠳᠪᠦᠷᠢᠯᠡᠯ ᠤᠨ ᠵᠢᠵᠢᠭ ᠦᠢᠯᠡᠳᠬᠡᠯ ᠤᠨ ᠢᠳᠡᠭᠡᠨ ᠤ ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2023/8/24
      ︵ᠰᠤᠷᠪᠤᠯᠵᠢᠯᠠᠭᠴᠢ ᠴᠢ ᠰᠢᠶᠣᠣ ᠶᠠᠨ︶ ᠢᠳᠡᠭᠡᠨ ᠤ ᠦᠢᠯᠡᠳᠪᠦᠷᠢᠯᠡᠯ ᠤᠨ ᠵᠢᠵᠢᠭ ᠦᠢᠯᠡᠳᠬᠡᠯ ᠤᠨ ᠢᠳᠡᠭᠡᠨ ᠤ ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠦᠢᠯᠡᠳᠪᠦᠷᠢᠯᠡᠯ ᠤᠨ ᠵᠢᠵᠢᠭ ᠦᠢᠯᠡᠳᠬᠡᠯ ᠢ ᠬᠢᠨᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠤ ᠦᠢᠯᠡᠳᠪᠦᠷᠢᠯᠡᠯ ᠤᠨ ᠵᠢᠵᠢᠭ ᠦᠢᠯᠡᠳᠬᠡᠯ ᠤᠨ ᠵᠡᠷᠭᠡ ᠲᠡᠰ ᠳᠡᠪᠰᠢᠬᠦ ᠶᠢ ᠠᠬᠢᠭᠤᠯᠪᠠ᠃      ᠠᠵᠢᠯᠯᠠᠭ᠎ᠠ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ ᠤ ᠦᠢᠯᠡᠳᠪᠦᠷᠢᠯᠡᠯ ᠤᠨ ᠵᠢᠵᠢᠭ ᠦᠢᠯᠡᠳᠬᠡᠯ ᠤᠨ ᠭᠡᠷᠡᠴᠢ ᠦᠨᠡᠮᠯᠡᠯ᠂ ᠲᠠᠯᠠᠪᠤᠷ ᠭᠠᠵᠠᠷ ᠤᠨ ᠪᠠᠶᠢᠷᠢᠯᠠᠭᠤᠯᠤᠯᠲᠠ᠂ ᠲᠠᠯᠠᠪᠤᠷ ᠭᠠᠵᠠᠷ ᠤᠨ ᠠᠷᠢᠭᠤᠨ ᠴᠡᠪᠡᠷ᠂ ᠲᠦᠭᠦᠬᠡᠢ ᠮᠠᠲ᠋ᠧᠷᠢᠶᠠᠯ ᠤᠨ ᠬᠠᠳᠠᠭᠠᠯᠠᠯᠲᠠ᠂ ᠲᠥᠬᠦᠭᠡᠷᠦᠮᠵᠢ ᠪᠡᠯᠡᠳᠬᠡᠮᠵᠢ ᠶᠢ ᠤᠬᠢᠶᠠᠨ ᠴᠡᠪᠡᠷᠯᠡᠵᠦ ᠬᠠᠮᠠᠭᠠᠯᠠᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠪᠠᠶᠢᠳᠠᠯ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠪᠠᠶᠢᠴᠠᠭᠠᠵᠤ᠂ ᠡᠭᠦᠨ ᠤ ᠬᠠᠮᠲᠤ ᠡᠵᠡᠩᠨᠡᠭᠴᠢᠳ ᠲᠤ ︽ᠠᠵᠤ ᠠᠬᠤᠶᠢᠯᠠᠯ ᠤᠨ ᠢᠳᠡᠭᠡᠨ ᠤ ᠠᠶᠤᠯᠭᠦᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠲᠣᠭᠲᠠᠭᠠᠯ︾ ᠢ ᠤᠬᠠᠭᠤᠯᠤᠨ ᠲᠦᠭᠡᠮᠡᠯᠵᠢᠭᠦᠯᠵᠦ᠂ ᠡᠵᠡᠩᠨᠡᠭᠴᠢᠳ ᠢ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ︾ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠪᠠᠶᠢᠴᠠᠭᠠᠯᠲᠠ ᠳᠤᠮᠳᠠ ᠣᠯᠵᠤ ᠮᠡᠳᠡᠭᠰᠡᠨ ᠠᠰᠠᠭᠤᠳᠠᠯ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠠᠢ᠃      ᠲᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠦᠢᠯᠡᠳᠪᠦᠷᠢᠯᠡᠯ ᠤᠨ ᠵᠢᠵᠢᠭ ᠦᠢᠯᠡᠳᠬᠡᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠵᠡᠩᠨᠡᠭᠴᠢᠳ ᠢ ᠬᠥᠲᠥᠯᠥᠨ ᠵᠢᠯᠤᠭᠤᠳᠴᠤ ᠢᠳᠡᠭᠡᠨ ᠤ ᠵᠦᠢᠯ ᠤᠨ ᠠᠶᠤᠯᠭᠦᠢ ᠶᠢᠨ ᠠᠶᠤᠯ ᠲᠦᠭᠰᠢᠭᠦᠷᠢ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠳᠡᠭᠡᠨ ᠤ ᠵᠦᠢᠯ ᠤᠨ ᠠᠶᠤᠯᠭᠦᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠭᠦᠯᠵᠦ᠂ ᠠᠷᠠᠳ ᠣᠯᠠᠨ ᠤ ︽ᠢᠳᠡᠭᠡᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ