ᠲᠤᠭᠳᠠᠬᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠡᠷᠡᠭᠦᠯ ᠡᠩᠬᠡ ᠵᠠᠮ ᠤᠨ ᠨᠡᠶᠢᠭᠡᠮ ᠲᠣᠭᠤᠷᠢᠭ ᠲᠤ ᠬᠦᠷᠴᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/24
      ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠪᠦᠬᠦ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠭᠠᠯ ᠤᠨ ᠭᠠᠮᠰᠢᠭ ᠤᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠶᠢᠨ ᠲᠥᠯᠥᠭᠡ᠂ 8 ᠳ᠋ᠤᠭᠠᠷ ᠰᠠᠷ᠎ᠠ ᠶᠢᠨ 22 ᠤᠨ ᠡᠳᠦᠷ᠂ ᠲᠤᠭᠳᠠᠬᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠬᠠᠷᠢᠶ᠎ᠠ ᠣᠷᠣᠨ ᠤ ᠪᠠᠨ ᠡᠷᠡᠭᠦᠯ ᠡᠩᠬᠡ ᠵᠠᠮ ᠤᠨ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠡᠢ᠃      ᠡᠨᠡ ᠬᠤᠭᠤᠴᠠᠭᠠᠨ ᠳᠤ᠂ ᠤᠬᠠᠭᠤᠯᠤᠭᠴᠢ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ᠂ ᠭᠡᠷ ᠪᠦᠯᠢ ᠶᠢᠨ ᠭᠠᠯ ᠤᠨᠲᠠᠷᠠᠭᠠᠬᠤ ᠮᠡᠳᠡᠯᠭᠡ ᠪᠣᠯᠣᠨ ᠰᠢᠲᠠᠮᠠᠬᠠᠢ ᠬᠡᠢ ᠬᠡᠷᠡᠭᠯᠡᠬᠦ ᠶᠡᠷᠦ ᠶᠢᠨ ᠮᠡᠳᠡᠯᠭᠡ᠂ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠪᠣᠯᠣᠨ ᠭᠠᠯ ᠤᠨ ᠠᠶᠤᠯ ᠡᠭᠦᠰᠬᠦ ᠦᠶ᠎ᠡ ᠳᠤ ᠭᠠᠯ ᠤᠨᠲᠠᠷᠠᠭᠠᠬᠤ᠂ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠡᠷᠭᠡ ᠮᠡᠳᠡᠯᠭᠡ ᠶᠢᠨ ᠴᠡᠭ ᠢ ᠤᠯᠠᠨ ᠳᠤ ᠲᠠᠶᠢᠯᠪᠤᠷᠢᠯᠠᠵᠤ ᠥᠭᠪᠡ᠃       ᠳᠠᠷᠠᠭ᠎ᠠ ᠨᠢ᠂ ᠨᠡᠶᠢᠭᠡᠮ ᠲᠣᠭᠤᠷᠢᠭ ᠤᠨ ᠠᠵᠢᠯᠲᠠᠳ ᠤᠨ ᠳᠠᠭᠠᠭᠤᠯᠭ᠎ᠠ ᠪᠠᠷ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠤᠰ ᠲᠣᠭᠤᠷᠢᠭ ᠤᠨ ᠠᠮᠤᠷ ᠲᠦᠪᠰᠢᠨ ᠭᠠᠷᠬᠤ ᠡᠭᠦᠳᠡ᠂ ᠲᠠᠷᠬᠠᠭᠠᠬᠤ ᠵᠠᠮ ᠤᠨ ᠰᠠᠭᠠᠳ ᠦᠭᠡᠢ ᠨᠡᠪᠲᠡᠷᠡᠭᠰᠡᠨ ᠡᠰᠡᠬᠦ᠂ ᠲᠠᠷᠬᠠᠭᠠᠬᠤ ᠵᠢᠭᠠᠯᠲᠠ ᠲᠡᠮᠳᠡᠭ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠳ᠋ᠧᠩ ᠢ ᠪᠦᠷᠢᠨ ᠭᠦᠢᠴᠡᠳ ᠲᠣᠬᠢᠷᠠᠭᠤᠯᠤᠭᠰᠠᠨ ᠡᠰᠡᠬᠦ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠠᠳᠠᠯ ᠪᠠᠶᠢᠬᠤ ᠡᠰᠡᠬᠦ ᠪᠠᠶᠢᠳᠠᠯ ᠳᠤ ᠨᠠᠷᠢᠨ ᠬᠢᠨᠠᠮᠠᠭᠠᠢ ᠪᠠᠶᠢᠴᠠᠭᠠᠯᠲᠠ ᠬᠢᠵᠡᠢ᠃ ᠡᠭᠦᠨ ᠤ ᠵᠡᠷᠭᠡ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠭᠰᠠᠨ ᠪᠥᠭᠡᠳ ᠭᠡᠷ ᠳᠣᠲᠣᠷ᠎ᠠ ᠶᠠᠭᠤᠮ᠎ᠠ ᠬᠡᠦᠮ᠎ᠡ ᠣᠪᠣᠭᠠᠯᠠᠵᠤ ᠪᠣᠯᠬᠤ ᠦᠭᠡᠢ᠂ ᠬᠢᠷᠢ ᠲᠡᠩᠴᠡᠬᠦ ᠦᠭᠡᠢ ᠲᠣᠮᠣ ᠴᠢᠳᠠᠯᠲᠤ ᠴᠠᠬᠢᠯᠭᠠᠨ ᠬᠡᠷᠡᠭᠰᠡᠯ ᠢ ᠬᠡᠷᠡᠭᠯᠡᠵᠦ ᠪᠣᠯᠬᠤ ᠦᠭᠡᠢ᠂ ︽ᠨᠢᠭᠡᠳᠦᠭᠡᠷ ᠹᠷᠣᠨᠲ ᠲᠤ ᠣᠯᠠᠨ ᠬᠡᠷᠡᠭᠯᠡᠬᠦ︾ ᠴᠠᠬᠢᠯᠭᠠᠨ ᠢ ᠳᠠᠭᠠᠭᠠᠴᠠ ᠠᠴᠠ ᠨᠢ ᠬᠡᠲᠦᠷᠡᠭᠦᠯᠦᠨ ᠬᠡᠷᠡᠭᠯᠡᠬᠦ ᠵᠡᠷᠭᠡ ᠭᠠᠯ ᠤᠨ ᠠᠶᠤᠯ ᠠᠮᠠᠷᠬᠠᠨ ᠡᠭᠦᠰᠬᠡᠬᠦ ᠮᠠᠭᠤ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠭᠠᠷᠬᠤ ᠶᠢ ᠡᠬᠢ ᠰᠤᠷᠪᠤᠯᠵᠢ ᠠᠴᠠ ᠨᠢ ᠵᠣᠭᠰᠤᠭᠠᠬᠤ ᠬᠡᠷᠡᠭᠲᠡᠢ ᠭᠡᠵᠦ ᠣᠯᠠᠨ ᠳᠤ ᠰᠠᠨᠠᠭᠤᠯᠤᠭᠰᠠᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠵᠢᠯᠲᠠᠳ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠶᠡᠷᠦ ᠶᠢᠨ ᠮᠡᠳᠡᠯᠭᠡ ᠶᠢ ᠡᠵᠡᠮᠰᠢᠵᠦ᠂ ᠨᠡᠶᠢᠭᠡᠮ ᠲᠣᠭᠤᠷᠢᠭ ᠤᠨ ᠠᠵᠢᠯᠲᠠᠳ ᠤᠨ ᠭᠠᠯ ᠤᠨ ᠠᠶᠤᠯ ᠵᠢᠴᠢ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠠᠷᠭᠠᠴᠠᠬᠤ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠠᠮᠤᠷ ᠲᠠᠶᠢᠪᠤᠩ ᠡᠶ᠎ᠡ ᠵᠣᠬᠢᠴᠠᠯ ᠲᠠᠢ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠣᠷᠴᠢᠨ ᠨᠥᠬᠦᠴᠡᠯ ᠢ ᠪᠤᠢ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ