ᠢᠦᠶ ᠴᠢᠤᠸᠠᠨ ᠲᠣᠭᠤᠷᠢᠭ ᠶᠣᠰᠣ ᠮᠣᠷᠠᠯ ᠤᠨ ᠵᠢᠱᠢᠶᠡᠴᠢ ᠶᠢ ᠨᠡᠶᠢᠭᠡᠮ ᠲᠣᠭᠤᠷᠢᠭ ᠲᠤ ᠤᠷᠤᠭᠤᠯᠬᠤ ᠭᠤᠣᠯ ᠰᠡᠳᠦᠪᠲᠦ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/24
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠤᠨ ᠳᠡᠯᠭᠡᠷᠡᠭᠦᠯᠵᠦ᠂ ᠦᠯᠢᠭᠡᠷ ᠳᠠᠭᠤᠷᠢᠶᠠᠯ ᠤᠨ ᠬᠦᠴᠦᠨ ᠢ ᠢᠯᠡᠷᠡᠭᠦᠯᠵᠦ᠂ ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠤᠨ ᠳᠡᠯᠭᠡᠷᠡᠭᠦᠯᠵᠦ᠂ ᠰᠠᠭᠤᠭᠠᠯᠢ ᠠᠷᠠᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠣᠯᠪᠠᠰᠤᠷᠠᠯ ᠪᠠ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ ᠡᠭᠦᠯᠡᠨ ᠳᠤᠮᠳᠠ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠡᠮᠦᠨ᠎ᠡ ᠶᠢᠩᠽᠢ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠠᠴᠠ ︽ᠥᠯᠢᠭᠡᠷ ᠳᠠᠭᠤᠷᠢᠶᠠᠯ ᠳᠡᠷᠭᠡᠳᠡ ᠪᠠᠶᠢᠬᠤ · ᠶᠣᠰᠣ ᠮᠣᠷᠠᠯ ᠤᠨ ᠵᠢᠱᠢᠶᠡᠴᠢ ᠨᠡᠶᠢᠭᠡᠮ ᠲᠣᠭᠤᠷᠢᠭ ᠲᠤ ᠣᠷᠣᠬᠤ︾ ᠪᠠᠷ ᠭᠤᠤᠯ ᠰᠡᠳᠦᠪ ᠪᠣᠯᠭᠠᠭᠰᠠᠨ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠶᠢ ᠳᠠᠭᠠᠭᠠᠨ ᠡᠷᠭᠢᠯᠡᠪᠡ᠃      ᠲᠤᠰ ᠠᠵᠢᠯᠯᠠᠭ᠎ᠠ ᠳᠤ ᠬᠥᠬᠡᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠼᠤᠤ ᠬᠤᠩ ᠭᠠᠩ᠂ ᠶᠤᠸᠠᠨ ᠴᠤᠤ ᠨᠥᠬᠦᠷ ᠢ ᠤᠷᠢᠵᠤ ᠤᠬᠠᠭᠤᠯᠤᠨ ᠲᠠᠶᠢᠯᠪᠤᠷᠢᠯᠠᠪᠠ᠃ ᠼᠤᠤ ᠬᠤᠩ ᠭᠠᠩ ᠨᠥᠬᠦᠷ ᠤᠳᠤ ᠢᠦᠢ ᠴᠢᠤᠸᠠᠨ ᠲᠣᠭᠤᠷᠢᠭ ᠤᠨ ᠪᠠᠭ᠎ᠠ ᠲᠦᠷᠭᠡᠨ ᠭᠤᠤᠯ ᠪᠠᠯᠭᠠᠰᠤᠨ ᠤ ᠲᠠᠯᠠᠢ ᠯᠠᠮᠠ ᠲᠤᠰᠬᠤᠨ ᠤ ᠠᠷᠠᠳ ᠤᠨ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ ᠦᠨᠳᠦᠰᠦᠨ ᠱᠠᠲᠤᠨ ᠤ ᠠᠵᠢᠯ ᠤᠨ ᠳᠤᠮᠳᠠ᠂ ᠼᠤᠤ ᠬᠤᠩ ᠭᠠᠩ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠲᠣᠰᠬᠤᠨ ᠳᠤ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠤᠭᠰᠠᠨ ᠲᠡᠷᠡ ᠳᠠᠷᠤᠢ ᠳᠤᠨᠢ 2800 ᠭᠠᠷᠤᠢ ᠲᠣᠰᠬᠤᠨ ᠤ ᠠᠷᠠᠳ ᠢ ᠲᠦᠷᠭᠡᠨ ᠲᠠᠷᠬᠠᠭᠠᠵᠠᠢ᠃ ᠲᠣᠰᠬᠤᠨ ᠤ ᠡᠪᠡᠳᠴᠢᠨ ᠲᠠᠢ ᠨᠠᠰᠤᠲᠠᠨ ᠤᠬᠤᠷᠢᠵᠤ ᠭᠠᠷᠬᠤ ᠶᠢᠨ ᠠᠷᠭ᠎ᠠ ᠦᠭᠡᠢ ᠪᠣᠯᠤᠭᠰᠠᠨ ᠢ ᠮᠡᠳᠡᠭᠰᠡᠨ ᠤ ᠳᠠᠷᠠᠭ᠎ᠠ᠂ ᠲᠣᠰᠬᠤᠨ ᠳᠠᠭᠠᠨ ᠪᠤᠴᠠᠵᠤ ᠲᠦᠷᠭᠡᠨ ᠠᠪᠤᠷᠠᠬᠤ ᠲᠡᠷᠭᠡ ᠬᠦᠷᠴᠦ ᠢᠷᠡᠲᠡᠯ᠎ᠡ ᠠᠪᠤᠷᠠᠪᠠ᠃ ᠠᠷᠪᠠ ᠭᠠᠷᠤᠶ ᠵᠢᠯ ᠤᠨ ᠬᠤᠭᠤᠴᠠᠭᠠᠨ ᠳᠤ ᠠᠷᠠᠳ ᠲᠦᠮᠡᠨ ᠳᠤ ᠦᠢᠯᠡᠴᠢᠯᠡᠬᠦ ᠬᠦᠰᠡᠯᠡᠩ ᠢᠲᠡᠭᠡᠯ ᠵᠣᠷᠢᠭ ᠢᠶᠠᠨ ᠢᠮᠠᠭᠲᠠ ᠪᠠᠲᠤᠳᠬᠠᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠪᠠ᠃      ᠶᠤᠸᠠᠨ ᠴᠤᠤ ᠪᠣᠯ ᠬᠥᠬᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠬᠢ ᠶᠢᠨ ᠢᠦᠢ ᠴᠢᠤᠸᠠᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠶᠢᠨ ᠮᠣᠷᠢᠲᠤ ᠴᠡᠷᠢᠭ ᠤᠨ ᠳᠤᠮᠳᠠ ᠠᠩᠬᠢ ᠶᠢᠨ ᠲᠤᠰᠠᠯᠠᠬᠤ ᠴᠠᠭᠳᠠᠭ᠎ᠠ ᠪᠣᠯᠤᠨ᠎ᠠ᠃ 2013 ᠣᠨ ᠳᠤ ᠠᠵᠢᠯ ᠳᠤ ᠭᠠᠷᠤᠭᠰᠠᠨ ᠠᠴᠠ ᠨᠠᠭᠠᠰᠢ᠂ ᠠᠵᠢᠯ ᠳᠠᠭᠠᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢ ᠢᠮᠠᠭᠲᠠ ᠪᠠᠷᠢᠮᠲᠠᠯᠠᠵᠤ᠂ ᠥᠪᠡᠷ ᠤᠨ ᠪᠡᠶ᠎ᠡ ᠪᠠᠷ ᠢᠶᠠᠨ ᠠᠷᠠᠳ ᠣᠯᠠᠨ ᠤ ᠲᠥᠯᠥᠭᠡ ᠪᠣᠳᠣᠯᠬᠢᠯᠠᠭᠰᠠᠭᠠᠷ ᠢᠷᠡᠵᠡᠶ᠂ ᠲᠡᠷᠡ᠄ ︽ᠪᠢ ᠠᠵᠢᠯ ᠤᠨ ᠪᠠᠶᠢᠷᠢᠨ ᠳᠠᠭᠠᠨ ᠡᠷᠲᠡ ᠰᠢᠭ ᠬᠦᠷᠪᠡᠯ᠂ ᠠᠵᠢᠯ ᠳᠤ ᠭᠠᠷᠬᠤ ᠬᠥᠮᠦᠰ ᠨᠡᠩ ᠲᠦᠷᠭᠡᠨ ᠢᠶᠠᠷ ᠨᠢᠭᠡᠴᠡ ᠳᠤ ᠬᠦᠷᠴᠦ ᠪᠣᠯᠤᠨ᠎ᠠ᠂ ᠪᠢ ᠣᠷᠣᠶ ᠠᠵᠢᠯ ᠠᠴᠠ ᠪᠠᠨ ᠪᠠᠭᠤᠪᠠᠯ᠂ ᠠᠵᠢᠯ ᠠᠴᠠ ᠪᠠᠨ ᠪᠠᠭᠤᠬᠤ ᠬᠥᠮᠦᠰ ᠡᠷᠲᠡᠬᠡᠨ ᠭᠡᠷ ᠲᠡᠭᠡᠨ ᠬᠠᠷᠢᠵᠤ᠂ ᠬᠠᠯᠠᠭᠤᠨ ᠬᠤᠭᠤᠯᠠ ᠢᠳᠡᠵᠦ ᠪᠣᠯᠤᠨ᠎ᠠ︾ ᠭᠡᠵᠡᠶ᠃ ᠡᠪᠦᠯ ᠤᠨ ᠡᠳᠦᠷ ᠲᠤ ᠰᠢᠷᠬᠠᠲᠤᠭᠰᠠᠳ ᠲᠤ ᠰᠢᠬᠦᠷ ᠪᠠᠷᠢᠵᠤ᠂ ᠠᠳᠡᠯ ᠬᠡᠷᠡᠭ ᠤᠨ ᠳᠤᠮᠳᠠ ᠴᠡᠭᠡᠵᠢ ᠳᠦᠷᠢᠨ ᠭᠠᠷᠴᠤ ᠢᠷᠡᠨ᠂ ᠠᠷᠠᠳ ᠤᠨ ᠲᠥᠯᠥᠭᠡ ᠴᠠᠭᠳᠠᠭ᠎ᠠ ᠪᠠᠶᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠡᠨᠡᠬᠦ ᠦᠭᠡ ᠶᠢ ᠶᠤᠸᠠᠨ ᠴᠤᠤ ᠢᠮᠠᠭᠲᠠ ᠪᠠᠲᠤ ᠴᠡᠭᠡᠵᠢᠯᠡᠵᠦ᠂ ᠨᠢᠭᠡᠨ ᠡᠪ ᠬᠠᠮᠲᠤ ᠨᠠᠮ ᠤᠨ ᠭᠡᠰᠢᠭᠦᠨ ᠤ ᠬᠠᠷᠠᠮᠰᠠᠯ ᠦᠭᠡᠢ ᠲᠠᠩᠭᠠᠷᠢᠭ ᠢ ᠦᠢᠯᠡᠳᠦᠯᠭᠡᠵᠢᠭᠦᠯᠦᠭᠰᠡᠭᠡᠷ ᠢᠷᠡᠵᠠᠢ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠪᠠᠶᠢᠷᠢ ᠳᠡᠭᠡᠷ᠎ᠡ᠂ ᠲᠡᠷᠡ ᠠᠵᠢᠯᠴᠢ ᠬᠢᠴᠢᠶᠡᠩᠭᠦᠶ᠂ ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠠᠷᠠᠳ ᠲᠦᠮᠡᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠭᠡᠰᠢᠭᠦᠨ ᠤ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠶᠢ ᠦᠨᠡᠨᠴᠢ ᠰᠢᠳᠤᠷᠭᠤ ᠪᠠᠷ ᠭᠦᠢᠴᠡᠳᠬᠡᠨ᠎ᠡ᠃      ᠶᠠᠷᠢᠶ᠎ᠠ ᠲᠠᠯᠪᠢᠭᠰᠠᠨ ᠤ ᠲᠠᠷᠠᠭ᠎ᠠ᠂ ᠲᠤᠬᠠᠢ ᠶᠢᠨ ᠲᠠᠯᠠᠪᠠᠢ ᠶᠢᠨ ᠦᠵᠡᠭᠴᠢᠳ ᠴᠢᠩᠭ᠎ᠠ ᠲᠤᠰᠬᠠᠯ ᠭᠠᠷᠭᠠᠵᠤ᠂ ᠬᠤᠶᠠᠷ ᠨᠥᠬᠦᠷ ᠢᠶᠠᠷ ᠦᠯᠢᠭᠡᠷ ᠳᠠᠭᠤᠷᠢᠶᠠᠯ ᠪᠣᠯᠭᠠᠵᠤ᠂ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠬᠡᠷᠡᠯ ᠭᠢᠯᠪᠠᠭ᠎ᠠ ᠪᠠᠨ ᠪᠠᠳᠠᠷᠠᠭᠤᠯᠵᠤ᠂ ᠢᠳᠡᠪᠬᠢ ᠬᠦᠴᠦᠨ ᠢ ᠪᠠᠳᠠᠷᠠᠭᠤᠯᠵᠤ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠦᠢᠯᠡᠳᠦᠯᠭᠡᠵᠢᠭᠦᠯᠦᠨ᠎ᠡ ᠭᠡᠵᠦ ᠢᠯᠡᠳᠬᠡᠪᠡ᠃      ᠳᠠᠷᠠᠭᠠᠴᠢ ᠶᠢᠨ ᠠᠯᠬᠤᠮ ᠳᠤ᠂ ᠡᠮᠦᠨ᠎ᠡ ᠶᠢᠩᠽᠢ ᠲᠣᠰᠬᠤᠨ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ᠶᠣᠰᠣ ᠰᠤᠷᠲᠠᠬᠤᠨ ᠤ ᠵᠢᠱᠢᠶᠡᠴᠢ ᠠᠴᠠ ᠤᠬᠠᠭᠤᠯᠤᠨ ᠰᠤᠷᠤᠯᠴᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠴᠠᠭ ᠦᠶ᠎ᠡ ᠶᠢᠨ ᠵᠢᠱᠢᠶᠡᠴᠢ᠂ ᠶᠣᠰᠣ ᠰᠤᠷᠲᠠᠬᠤᠨ ᠤ ᠵᠢᠱᠢᠶᠡᠴᠢ᠂ ᠳᠡᠷᠭᠡᠳᠡᠬᠢ ᠰᠠᠶᠢᠨ ᠬᠥᠮᠦᠨ ᠤ ᠦᠢᠯᠡ ᠠᠵᠢᠯᠯᠠᠭ᠎ᠠ ᠪᠣᠯᠤᠨ ᠵᠣᠷᠢᠭ ᠰᠠᠨᠠᠭ᠎ᠠ ᠶᠢ ᠥᠷᠭᠡᠨ ᠢᠶᠠᠷ ᠳᠡᠯᠭᠡᠷᠡᠭᠦᠯᠵᠦ᠂ ᠬᠠᠷᠢᠶ᠎ᠠ ᠣᠷᠣᠨ ᠳᠠᠭᠠᠨ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠬᠦ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠰᠣᠶᠣᠯ ᠤᠨ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ 
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ