ᠰᠠᠶᠢᠬᠠᠨ ᠲᠣᠭᠤᠷᠢᠭ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠬᠦᠯᠵᠦ ᠪᠣᠢ
ᠨᠡᠶᠢᠲᠡᠯᠡᠭᠰᠡᠨ ᠴᠠᠭ᠄
2023/8/25
fa78ee6a-dce7-4e60-ac3b-b777dae49bab.jpg
      ᠣᠶᠢᠷ᠎ᠠ ᠶᠢᠨ ᠵᠢᠯ ᠳᠤ᠂ ᠰᠠᠶᠢᠬᠠᠨ ᠲᠣᠭᠤᠷᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠲᠠ ᠶᠢᠨ ᠣᠳᠣ ᠦᠶ᠎ᠡ ᠶᠢᠨ ᠰᠡᠯᠡᠭᠦᠴᠡᠯ ᠤᠨ ᠲᠠᠷᠢᠶᠠᠯᠠᠩ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ ᠰᠡᠯᠡᠭᠦᠴᠡᠯ ᠤᠨ ᠵᠢᠮᠢᠰ ᠨᠣᠭᠤᠭ᠎ᠠ ᠲᠡᠭᠦᠬᠦ᠂ ᠬᠥᠳᠡᠭᠡ ᠠᠶᠢᠯ ᠤᠨ  ᠵᠢᠭᠤᠯᠴᠢᠯᠠᠯ᠂ ᠠᠷᠠᠳ ᠤᠨ ᠵᠠᠩ ᠦᠢᠯᠡ ᠶᠢ ᠪᠡᠶᠡᠴᠢᠯᠡᠨ ᠣᠶᠢᠯᠠᠭᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠴᠡᠭ ᠤᠳ ᠢ ᠬᠤᠯᠪᠣᠵᠤ ᠬᠡᠰᠡᠭ ᠪᠣᠯᠭᠠᠬᠤ︾ ᠬᠥᠭᠵᠢᠯᠲᠡ ᠶᠢᠨ ᠰᠡᠳᠬᠢᠴᠡ ᠪᠠᠷ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠠᠬᠢᠭᠤᠯᠵᠤ ︽ᠲᠦᠷᠪᠡᠨ ᠱᠤᠭᠤᠮ ᠲᠠᠪᠤᠨ ᠭᠠᠵᠠᠷ ᠤᠯᠠᠨ ᠴᠡᠭ︾ ᠤᠨ ᠪᠠᠶᠢᠷᠢᠰᠢᠭᠤᠯᠤᠯᠲᠠ ᠶᠢ ᠪᠦᠷᠢᠯᠳᠦᠭᠦᠯᠵᠦ᠂ ᠬᠤᠳᠠ ᠶᠢᠨ ᠠᠷᠠᠳ ᠢ ᠬᠥᠳᠡᠭᠡ ᠲᠣᠰᠬᠤᠨ ᠤ ᠬᠡᠷᠡᠭᠯᠡᠭᠡ ᠳᠤ ᠣᠷᠣᠭᠤᠯᠬᠤ ᠶᠢ ᠲᠠᠲᠠᠵᠤ᠂ ᠰᠡᠯᠡᠭᠦᠴᠡᠯ ᠤᠨ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠬᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠣᠶᠢᠵᠢᠭᠤᠯᠵᠤ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ ᠪᠣᠢ᠃ ᠵᠢᠷᠤᠭ ᠪᠣᠯ ᠬᠤᠲᠠ ᠶᠢᠨ ᠠᠷᠠᠳ  ᠪᠠᠷᠠᠭᠤᠨ ᠲᠤᠰᠬᠤ ᠲᠣᠰᠬᠤᠨ ᠤ ᠵᠢᠮᠢᠰ ᠨᠣᠭᠤᠭ᠎ᠠ ᠲᠠᠷᠢᠬᠤ ᠰᠠᠭᠤᠷᠢᠨ ᠤ ᠵᠢᠮᠢᠰ ᠤᠨ ᠬᠦᠯᠡᠮᠵᠢ ᠳᠤ ᠦᠵᠦᠮ ᠲᠡᠭᠦᠵᠦ ᠪᠠᠶᠢᠭ᠎ᠠ ᠨᠢ᠃ ᠰᠤᠷᠪᠤᠯᠵᠢᠯᠠᠭᠴᠢ ᠶᠠᠩ ᠼᠠᠢ ᠰᠢᠶᠠ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ