︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ ᠠᠴᠠ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ | ᠨᠡᠷᠡᠰ ᠢ ᠨᠡᠶᠢᠲᠡᠯᠡᠵᠦ᠂ ᠪᠦᠬᠦ ᠣᠷᠣᠨ ᠤ 12 ᠠᠵᠤ ᠠᠬᠤᠶᠢᠯᠠᠯ ᠬᠢᠨᠠᠨ ᠲᠣᠭᠲᠠᠭᠠᠯᠲᠠ ᠶᠢ ᠥᠩᠭᠡᠷᠡᠭᠡᠪᠡ᠂ ᠡᠭᠦᠨ ᠳᠤ᠂ ᠮᠠᠨ ᠤ ᠬᠤᠳᠠ ᠶᠢᠨ 5 ᠠᠵᠤ | ᠠᠬᠤᠶᠢᠯᠠᠯ ︵ᠵᠦᠩ ᠬᠤᠸᠠᠨ ᠲᠠᠯᠠᠰᠲᠤ ᠪᠡᠶ᠎ᠡ᠂ ᠶᠢᠨ ᠾᠧ ᠠᠮᠢᠳᠤ ᠪᠣᠳᠠᠰ᠂ ᠶᠢᠨ ᠳ᠋ᠠ ᠸᠧᠢ ᠡᠮ ᠤᠨ ᠦᠢᠯᠡᠰ᠂ ᠴᠢ ᠯᠦ ᠡᠮ ᠤᠨ ᠦᠢᠯᠡᠰ᠂ ᠱᠤᠸᠠᠩ ᠴᠢ | ᠡᠮ ᠤᠨ ᠦᠢᠯᠡᠰ︶ ᠬᠢᠨᠠᠨ ᠲᠣᠭᠲᠠᠭᠠᠯᠲᠠ ᠶᠢ ᠥᠩᠭᠡᠷᠡᠭᠡᠪᠡ᠃ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠢᠶᠠᠷ ᠭᠤᠣᠯ | ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠭᠦᠨᠵᠡᠭᠡᠢ | ᠠᠭᠤᠰᠤᠯᠴᠠᠭᠤᠯᠤᠭᠰᠠᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠲᠣᠰ ᠤᠳᠠᠭᠠᠨ ᠤ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠡᠢ᠃ ᠡᠨᠡ ᠬᠤᠭᠤᠴᠠᠭᠠᠨ ᠳᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠡᠯ᠎ᠡ ᠲᠥᠷᠥᠯ ᠤᠨ ᠰᠢᠨ᠎ᠡ ᠶᠢ | ᠡᠭᠦᠳᠬᠦ ᠲᠠᠪᠴᠠᠩ᠂ ᠰᠢᠨ᠎ᠡ ᠶᠢ ᠡᠭᠦᠳᠬᠦ ᠠᠵᠤ ᠠᠬᠤᠶᠢᠯᠠᠯ ᠢ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ᠂ ᠱᠠᠲᠤ ᠬᠤᠪᠢᠶᠠᠨ ᠪᠣᠶᠢᠵᠢᠭᠤᠯᠬᠤ ᠲᠥᠯᠥᠪᠯᠡᠭᠡ ᠭᠠᠷᠭᠠᠬᠤ᠂ ᠭᠤᠶᠤᠴᠢᠯᠠᠨ ᠮᠡᠳᠡᠭᠦᠯᠵᠦ ᠬᠠᠪᠰᠤᠷᠤᠨ ᠵᠢᠯᠤᠭᠤᠳᠬᠤ ᠵᠡᠷᠭᠡ ᠲᠠᠯ᠎ᠠ ᠪᠠᠷ | ᠣᠯᠠᠨ ᠲᠠᠯ᠎ᠠ ᠠᠴᠠ ᠦᠷᠭᠦᠯᠵᠢᠯᠡᠨ ᠬᠦᠴᠦᠯᠡᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠲᠠᠰᠤᠷᠠᠯᠲᠠ ᠦᠭᠡᠢ ᠬᠥᠭᠵᠢᠭᠡᠪᠡ᠃ ᠳᠠᠷᠠᠭᠠᠴᠢ ᠶᠢᠨ ᠠᠯᠬᠤᠮ ᠳᠤ᠂ ᠲᠤᠰ ᠲᠣᠪᠴᠢᠶ᠎ᠠ ᠠᠴᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠢᠬᠤᠯᠠ | ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠶᠢ ᠦᠷᠭᠦᠯᠵᠢᠯᠡᠨ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠣᠯᠣᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠪᠦᠬᠦ ᠬᠤᠳᠠ ᠶᠢᠨ ᠠᠵᠤ ᠦᠢᠯᠡᠳᠪᠦᠷᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | |