ᠰᠤᠷᠭᠠᠭᠤᠯᠢ ᠡᠬᠢᠯᠡᠬᠦ ᠨᠢᠭᠡᠳᠦᠭᠡᠷ ᠬᠢᠴᠢᠶᠡᠯ
ᠨᠡᠶᠢᠲᠡᠯᠡᠭᠰᠡᠨ ᠴᠠᠭ᠄
2023/8/29
20230829.jpg
      8 ᠳ᠋ᠤᠭᠠᠷ ᠰᠠᠷ᠎ᠠ ᠶᠢᠨ 28 ᠤ ᠡᠳᠦᠷ᠂ ᠰᠤᠷᠭᠠᠭᠤᠯᠢ ᠡᠬᠢᠯᠡᠭᠰᠡᠨ ᠠᠩᠬᠠᠨ ᠤ ᠡᠳᠦᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ︽ᠰᠤᠷᠭᠠᠭᠤᠯᠢ ᠡᠬᠢᠯᠡᠬᠦ ᠨᠢᠭᠡᠳᠦᠭᠡᠷ ᠬᠢᠴᠢᠶᠡᠯ︾ ᠭᠤᠣᠯ ᠰᠡᠳᠦᠪᠲᠦ ᠰᠤᠷᠭᠠᠨ ᠬᠥᠮᠦᠵᠢᠯ ᠤᠨ ᠰᠢᠷᠢᠰ ᠠᠵᠢᠯᠯᠠᠭ᠎ᠠ ᠶᠢ ᠥᠷᠨᠢᠭᠦᠯᠪᠡ᠃      ᠲᠤᠬᠠᠢ ᠶᠢᠨ ᠡᠳᠦᠷ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠰᠢᠨ᠎ᠡ ᠰᠤᠷᠤᠯᠭ᠎ᠠ ᠶᠢᠨ ᠬᠤᠭᠤᠴᠠᠭᠠᠨ ᠤ ︽ᠤᠯᠤᠰ ᠤᠨ ᠲᠤᠭ ᠪᠠᠨ ᠬᠠᠮᠲᠤ ᠪᠠᠷ ᠮᠠᠨᠳᠤᠭᠤᠯᠵᠤ ᠤᠯᠤᠰ ᠤᠨ ᠳᠠᠭᠤᠤ ᠪᠠᠨ ᠬᠠᠮᠲᠤ ᠪᠠᠷ ᠳᠠᠭᠤᠯᠠᠶ᠎ᠠ︾ ᠭᠡᠬᠦ ᠡᠬᠡ ᠣᠷᠣᠨᠴᠢ ᠦᠵᠡᠯ ᠤᠨ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ︽ᠤᠮᠠᠷᠠᠲᠤ ᠬᠢᠯᠢ ᠶᠢᠨ ᠰᠤᠷᠭᠠᠨ ᠬᠥᠮᠦᠵᠢᠯ ᠨᠠᠮ ᠢᠶᠠᠨ ᠳᠠᠭᠠᠨ᠎ᠠ︾ ᠭᠡᠬᠦ ᠭᠤᠣᠯ ᠰᠡᠳᠦᠪᠲᠦ ᠤᠯᠤᠰ ᠤᠨ ᠲᠤᠭ ᠮᠠᠨᠳᠤᠭᠤᠯᠬᠤ ᠶᠣᠰᠣᠯᠠᠯ ᠢ ᠲᠥᠪᠯᠡᠷᠡᠭᠦᠯᠦᠨ ᠬᠢᠪᠡ᠃ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠬᠤ᠂ ᠤᠯᠤᠰ ᠤᠨ ᠲᠤᠭ ᠲᠤ ᠶᠣᠰᠣᠯᠠᠬᠤ᠂ ᠤᠯᠤᠰ ᠤᠨ ᠲᠤᠭ ᠤᠨ ᠳᠣᠣᠷ᠎ᠠ ᠲᠠᠩᠭᠠᠷᠢᠭᠯᠠᠬᠤ᠂ ᠶᠠᠷᠢᠶ᠎ᠠ ᠲᠠᠯᠪᠢᠬᠤ ᠵᠡᠷᠭᠡ ᠬᠡᠯᠪᠡᠷᠢ ᠪᠠᠷ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯ᠂ ᠤᠯᠤᠰ ᠢᠶᠠᠨ ᠬᠦᠴᠦᠷᠬᠡᠭᠵᠢᠭᠦᠯᠬᠦ ᠵᠣᠷᠢᠭ ᠢ ᠬᠥᠭᠵᠢᠭᠡᠪᠡ᠃ ᠰᠤᠷᠭᠠᠭᠤᠯᠢ ᠡᠬᠢᠯᠡᠭᠰᠡᠨ ᠨᠢᠭᠡᠳᠦᠭᠡᠷ ᠭᠠᠷᠠᠭ ᠲᠤ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠪᠠᠰᠠ ᠡᠯ᠎ᠡ ᠰᠤᠷᠭᠠᠭᠤᠯᠢ ᠶᠢᠨ ᠬᠠᠤᠯᠢᠵᠢᠯ ᠤᠨ ᠳᠡᠳ᠋ ᠵᠠᠬᠢᠷᠤᠯ ᠢ ᠤᠷᠢᠵᠤ ᠰᠤᠷᠭᠠᠭᠤᠯᠢ ᠡᠬᠢᠯᠡᠬᠦ ᠬᠠᠤᠯᠢ ᠲᠦᠭᠡᠮᠡᠯᠵᠢᠭᠦᠯᠬᠦ ᠠᠩᠬᠠᠨ ᠤ ᠬᠢᠴᠢᠶᠡᠯ ᠢ ᠣᠷᠣᠭᠤᠯᠬᠤ ᠪᠣᠯᠣᠨ᠎ᠠ᠃ᠵᠢᠷᠤᠭ ᠪᠣᠯ 8 ᠳ᠋ᠤᠭᠠᠷ ᠰᠠᠷ᠎ᠠ ᠶᠢᠨ 28 ᠤ ᠡᠳᠦᠷ ᠢᠦᠢ ᠴᠢᠤᠸᠠᠨ ᠲᠣᠭᠤᠷᠢᠭ ᠤᠨ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠤᠷᠤᠭᠴᠢᠳ ᠰᠢᠨ᠎ᠡ ᠬᠢᠴᠢᠶᠡᠯ ᠤᠨ ᠳᠡᠪᠲᠡᠷ ᠢᠶᠠᠨ ᠭᠠᠷᠳᠠᠵᠤ ᠪᠠᠶᠢᠭ᠎ᠠ ᠨᠢ᠃ ᠰᠤᠷᠪᠤᠯᠵᠢᠯᠠᠭᠴᠢ ᠮᠢᠶᠣᠣ ᠴᠢᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ