︵ᠰᠤᠷᠪᠤᠯᠵᠢᠯᠠᠭᠴᠢ ᠰᠦᠨ ᠶᠤᠸᠠᠢ ᠯᠦᠩ︶ 8 ᠳ᠋ᠤᠭᠠᠷ ᠰᠠᠷ᠎ᠠ ᠶᠢᠨ 2 ᠤᠨ ᠡᠳᠦᠷ᠂ ᠬᠤᠳᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠪᠣᠯᠣᠨ ᠬᠤᠳᠠ ᠶᠢᠨ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠬᠠᠮᠲᠤᠷᠠᠨ ᠭᠡᠰᠢᠭᠦᠨ ᠨᠢᠭᠡᠴᠡ ᠶᠢᠨ 2023 ᠣᠨ ᠤ ᠬᠤᠯᠪᠣᠭᠠᠴᠢᠨ ᠤ ᠠᠵᠢᠯ ᠤᠨ ᠬᠤᠷᠠᠯ ᠵᠢᠴᠢ ︽ᠰᠢᠨ᠎ᠡ ᠠᠶᠠᠨ ᠵᠠᠮ ᠳᠤ | ᠡᠷᠡᠯᠬᠡᠭᠯᠡᠨ ᠤᠷᠤᠭᠰᠢᠯᠠᠵᠤ᠂ ᠰᠢᠨ᠎ᠡ ᠠᠭᠤᠤ ᠦᠢᠯᠡᠰ ᠢ ᠪᠦᠲᠦᠭᠡᠶ᠎ᠡ︾ ᠴᠡᠷᠢᠭ ᠤᠨ ᠬᠤᠸᠠᠷᠠᠨ ᠤ ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠤᠶᠠᠷ ᠤᠳᠤᠷᠢᠳᠬᠤ ᠳᠤᠭᠤᠶᠢᠯᠠᠩ ᠤᠨ ᠭᠡᠰᠢᠭᠦᠨ ᠨᠢᠭᠡᠴᠡ ᠪᠣᠯᠣᠨ ᠴᠡᠷᠢᠭ ᠢ ᠬᠦᠷᠢᠶᠡᠯᠡᠬᠦ ᠠᠵᠤ ᠠᠬᠤᠶᠢᠯᠠᠯ ᠤᠨ 60 ᠭᠠᠷᠤᠢ | ᠬᠥᠮᠥᠨ ᠠᠵᠢᠯᠯᠠᠭ᠎ᠠ ᠳᠤ ᠣᠷᠣᠯᠴᠠᠪᠠ᠃ | ᠵᠡᠪᠰᠡᠭᠲᠦ ᠴᠠᠭᠳᠠᠭ᠎ᠠ ᠶᠢᠨ ᠨᠢᠭᠡᠨ ᠴᠡᠷᠢᠭ ᠤᠨ ᠨᠣᠬᠠᠢ ᠶᠢᠨ ᠠᠩᠭᠢ ᠳᠤ᠂ ᠤᠯᠠᠨ ᠢᠶᠠᠷ ᠢᠶᠠᠨ ᠴᠡᠷᠢᠭ ᠤᠨ ᠨᠣᠬᠠᠢ ᠶᠢᠨ ᠪᠣᠯᠪᠠᠰᠤᠷᠠᠯ ᠢ ᠦᠵᠡᠵᠡᠢ︔ | ᠵᠡᠪᠰᠡᠭᠲᠦ ᠴᠠᠭᠳᠠᠭ᠎ᠠ ᠶᠢᠨ ᠨᠢᠭᠡᠨ ᠰᠠᠯᠪᠤᠷᠢ ᠠᠩᠭᠢ ᠳᠤ ᠤᠯᠠᠨ ᠢᠶᠠᠷ ᠢᠶᠠᠨ ᠵᠡᠪᠰᠡᠭ ᠲᠣᠨᠣᠭᠯᠠᠯ ᠢ ᠲᠣᠭᠤᠷᠢᠨ ᠦᠵᠡᠵᠦ᠂ ᠴᠡᠷᠢᠭ ᠤᠨ ᠶᠠᠪᠤᠳᠠᠯ ᠤᠨ | ᠲᠣᠭᠯᠠᠯᠲᠠ ᠶᠢ ᠰᠣᠨᠢᠷᠬᠠᠪᠠ᠃ ᠴᠡᠷᠢᠭ ᠤᠨ ᠬᠤᠸᠠᠷᠠᠨ ᠤ ᠬᠤᠪᠢᠷᠠᠯᠲᠠ ᠠᠴᠠ ᠲᠡᠦᠬᠡ ᠶᠢᠨ ᠠᠬᠢᠴᠠ ᠶᠢ ᠣᠶᠢᠯᠠᠭᠠᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠢ ᠦᠨᠡᠨᠬᠦ ᠪᠣᠳᠣᠯ ᠰᠡᠳᠬᠢᠯ ᠳᠡᠭᠡᠨ ᠬᠠᠳᠠᠩᠰᠢᠭᠤᠯᠵᠤ᠂ ᠵᠥᠪ ᠣᠨᠣᠪᠴᠢᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠦᠵᠡᠯᠲᠡ ᠪᠣᠯᠣᠨ ᠬᠤᠶᠠᠷ ᠢ ᠬᠦᠷᠢᠶᠡᠯᠡᠬᠦ ᠤᠬᠠᠮᠰᠠᠷ ᠢ ᠪᠠᠲᠤ ᠪᠤᠢ ᠪᠣᠯᠭᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ | ᠬᠥᠭᠵᠢᠭᠦᠯᠪᠡ᠃ | ᠴᠡᠷᠢᠭ ᠤᠨ ᠬᠤᠸᠠᠷᠠᠨ ᠤ ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠪᠠ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠯᠪᠣᠭᠠᠴᠢᠳ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠭᠡᠰᠢᠭᠦᠨ ᠨᠢᠭᠡᠴᠡ ᠶᠢᠨ ᠳᠡᠭᠡᠷ᠎ᠡ ᠨᠢᠭᠡ ᠵᠢᠯ ᠤᠨ ᠬᠤᠶᠠᠷ ᠢ | ᠬᠦᠷᠢᠶᠡᠯᠡᠬᠦ ᠠᠵᠢᠯ ᠪᠠ ᠴᠡᠷᠢᠭ ᠠᠴᠠ ᠬᠠᠯᠠᠭᠳᠠᠭᠰᠠᠳ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠳ᠋ᠦᠩᠨᠡᠵᠦ᠂ ᠲᠠᠷᠠᠭᠠᠴᠢ ᠶᠢᠨ ᠱᠠᠲᠤᠨ ᠤ ᠠᠵᠢᠯ ᠤᠨ | ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠬᠤᠯᠪᠣᠭᠠᠴᠢᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠠᠯ᠎ᠠ ᠪᠠᠷ ᠲᠣᠳᠣᠷᠬᠠᠢ ᠱᠠᠭᠠᠷᠳᠠᠯᠭ᠎ᠠ | ᠳᠤᠷᠠᠳᠪᠠ᠃ |