ᠬᠤᠲᠠ ᠶᠢᠨ ᠤᠳᠤᠷᠢᠳᠤᠯᠭ᠎ᠠ ᠪᠦᠯᠬᠦᠮ ᠳᠠᠭᠠᠭᠤᠯᠤᠨ ᠪᠡᠭᠡᠵᠢᠩ ᠬᠤᠲᠠ ᠶᠢᠨ ᠮᠧᠨ ᠲᠧᠦ ᠭᠧᠦ ᠲᠣᠭᠤᠷᠢᠭ ᠲᠤ ᠬᠦᠷᠴᠦ ᠲᠣᠬᠤᠨᠢᠭᠤᠯᠪᠠ
ᠨᠡᠶᠢᠲᠡᠯᠡᠭᠰᠡᠨ ᠴᠠᠭ᠄
2023/8/3
ᠵᠠᠩ ᠬᠠᠢ ᠹᠧᠩ ᠣᠷᠣᠯᠴᠠᠵᠠᠢ       ︵ᠰᠤᠷᠪᠤᠯᠵᠢᠯᠠᠭᠴᠢ ᠮᠢᠶᠣᠣ ᠰᠢᠨ︶ 8 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠬᠠᠢ ᠹᠧᠩ ᠪᠦᠯᠬᠦᠮ ᠳᠠᠭᠠᠭᠤᠯᠤᠨ ᠰᠢᠷᠦᠭᠦᠨ ᠪᠣᠷᠣᠭᠠᠨ ᠳᠤ ᠭᠠᠮᠰᠢᠭᠳᠠᠭᠰᠠᠨ ᠪᠡᠭᠡᠵᠢᠩ ᠬᠤᠲᠠ ᠶᠢᠨ ᠮᠧᠨ ᠲᠧᠦ ᠭᠧᠦ ᠲᠣᠭᠤᠷᠢᠭ ᠲᠤ ᠬᠦᠷᠴᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ  ᠢ ᠲᠥᠯᠥᠭᠡᠯᠡᠨ ᠭᠠᠮᠰᠢᠭᠳᠠᠭᠰᠠᠨ ᠣᠷᠣᠨ ᠤ ᠠᠷᠠᠳ ᠲᠦᠮᠡᠨ ᠢ ᠲᠣᠬᠤᠨᠢᠭᠤᠯᠪᠠ᠃      ᠵᠠᠩ ᠬᠠᠢ ᠹᠧᠩ ᠮᠧᠨ ᠲᠧᠦ ᠭᠧᠦ ᠲᠣᠭᠤᠷᠢᠭ ᠤᠨ ᠠᠷᠠᠳ ᠤᠯᠠᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠠᠯᠠᠮᠵᠢᠯᠠᠯ ᠪᠣᠯᠣᠨ ᠲᠣᠬᠤᠨᠢᠭᠤᠯᠤᠯ ᠢ ᠳᠠᠮᠵᠢᠭᠤᠯᠬᠤ ᠶᠢᠨ ᠬᠠᠮᠲᠤ ᠬᠥᠯᠳᠡᠭᠡᠭᠰᠡᠨ ᠰᠢᠨ᠎ᠡ ᠦᠬᠡᠷ ᠬᠤᠨᠢᠨ ᠮᠢᠬ᠎ᠠ ᠵᠡᠷᠭᠡ ᠤᠯᠠᠨ ᠵᠦᠢᠯ ᠤᠨ ᠢᠳᠡᠭᠡᠨ ᠪᠣᠯᠣᠨ ᠪᠤᠰᠤᠳ ᠠᠪᠤᠷᠠᠨ ᠲᠤᠰᠠᠯᠠᠬᠤ ᠡᠳ᠋ ᠪᠣᠳᠠᠰ ᠬᠠᠨᠳᠢᠪᠯᠡᠪᠠ᠃      ᠣᠶᠢᠯᠠᠭᠠᠭᠰᠠᠨ ᠢᠶᠠᠷ᠂ ᠮᠧᠨ ᠲᠧᠦ ᠭᠧᠦ ᠲᠣᠭᠤᠷᠢᠭ ᠲᠤ ᠦᠷᠭᠦᠯᠵᠢᠯᠡᠨ ᠰᠢᠷᠦᠭᠦᠨ ᠪᠣᠷᠣᠭᠠᠨ ᠣᠷᠣᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠳᠤ ᠮᠠᠰᠢ ᠶᠡᠭᠡ ᠬᠤᠬᠢᠷᠠᠯ ᠤᠴᠠᠷᠠᠭᠤᠯᠵᠠᠢ᠃ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠲᠡᠷᠡ ᠳᠠᠷᠤᠢ ᠳᠤᠨᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠳ᠋ ᠪᠣᠳᠠᠰ ᠴᠤᠭᠯᠠᠭᠤᠯᠵᠤ᠂ ᠮᠧᠨ ᠲᠧᠦ ᠭᠧᠦ ᠲᠣᠭᠤᠷᠢᠭ ᠤᠨ ᠠᠶᠤᠯ ᠠᠴᠠ ᠠᠪᠤᠷᠠᠨ ᠲᠤᠰᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠬᠦ ᠶᠢᠨ ᠬᠠᠮᠲᠤ ᠮᠧᠨ ᠲᠧᠦ ᠭᠧᠦ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠤ ᠲᠣᠬᠤᠨᠢᠭᠤᠯᠬᠤ ᠵᠠᠬᠢᠳᠠᠯ ᠢᠯᠡᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ