ᠦᠴᠦᠸᠠᠨ ᠰᠢᠶᠠᠨ ᠤ 2023 ᠣᠨ ᠤ ᠡᠮᠴᠢᠯᠡᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠳᠠᠭᠠᠳᠬᠠᠯ ᠤᠨ ᠮᠡᠬᠡᠯᠡᠯ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠬᠢᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/30
      8 ᠰᠠᠷ᠎ᠠ ᠶᠢᠨ 25 ᠤ ᠡᠳᠦᠷ᠂ ᠦᠴᠦᠸᠠᠨ ᠰᠢᠶᠠᠨ 2023 ᠣᠨ ᠤ ᠡᠮᠴᠢᠯᠡᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠳᠠᠭᠠᠳᠬᠠᠯ ᠤᠨ ᠮᠡᠬᠡᠯᠡᠯ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠬᠢᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ︽ᠪᠥᠬᠦ ᠬᠤᠲᠠ ᠶᠢᠨ 2023 ᠣᠨ ᠤ ᠡᠮᠴᠢᠯᠡᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠳᠠᠭᠠᠳᠬᠠᠯ ᠤᠨ ᠮᠡᠬᠡᠯᠡᠯ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠥᠰᠥᠯ︾ ᠳᠤ ᠭᠤᠣᠯᠳᠠᠯᠭ᠎ᠠ ᠲᠠᠢ ᠨᠠᠷᠢᠨ ᠲᠠᠶᠢᠯᠤᠮᠵᠢ ᠬᠢᠭᠰᠡᠨ ᠪᠥᠭᠡᠳ ᠪᠥᠬᠦ ᠰᠢᠶᠠᠨ ᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠳᠤ ᠲᠣᠬᠢᠷᠠᠭᠤᠯᠤᠯᠲᠠ ᠬᠢᠵᠡᠢ᠃      ᠬᠤᠷᠠᠯ ᠠᠴᠠ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠴᠢᠩᠭᠠᠳᠬᠠᠵᠤ᠂ ᠡᠷᠡᠰ ᠴᠢᠩᠭ᠎ᠠ ᠬᠢᠨᠠᠯᠲᠠ ᠬᠠᠮᠢᠶᠠᠷᠤᠯᠲᠠ ᠶᠢᠨ ᠠᠵᠢᠯ ᠤᠨ ᠰᠡᠳᠬᠢᠴᠡ ᠶᠢ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠦᠬᠦ ᠶᠠᠪᠤᠴᠠ ᠪᠣᠯᠣᠨ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠬᠤᠶᠠᠷ ᠲᠤ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠲᠤᠰᠬᠠᠢ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠴᠢᠩᠭ᠎ᠠ ᠳᠠᠷᠤᠮᠲᠠᠲᠤ ᠪᠠᠶᠢᠳᠠᠯ ᠢ ᠦᠷᠭᠦᠯᠵᠢᠯᠡᠨ ᠪᠠᠲᠤᠯᠠᠵᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠵᠦ ᠬᠢᠨᠠᠯᠲᠠ ᠬᠠᠮᠢᠶᠠᠷᠤᠯᠲᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠪᠠᠷᠢᠮᠲᠠᠯᠠᠨ᠎ᠠ᠃ ᠭᠤᠷᠪᠠ ᠳᠤ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠬᠠᠮᠲᠤ ᠵᠥᠪ ᠲᠠᠯ᠎ᠠ ᠠᠴᠠ ᠬᠥᠲᠥᠯᠥᠨ ᠵᠢᠯᠤᠭᠤᠳᠬᠤ᠂ ᠰᠡᠷᠡᠮᠵᠢᠯᠡᠭᠦᠯᠬᠦ ᠬᠥᠮᠦᠵᠢᠯ ᠪᠠ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠬᠡᠷᠡᠭᠲᠡᠢ᠃      ᠡᠭᠦᠨ ᠤ ᠳᠠᠷᠠᠭ᠎ᠠ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠭᠰᠠᠳ ᠲᠤ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠡᠢ᠃
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ