2023 ᠣᠨ ᠤ ᠦᠴᠦᠸᠠᠨ ᠰᠢᠶᠠᠨ ᠤ ᠲᠥᠮᠥᠰᠥ ᠶᠢᠨ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠤᠨ ᠲᠤᠬᠠᠢ ᠶᠢᠨ ᠲᠠᠯᠠᠪᠠᠶ ᠶᠢᠨ ᠲᠣᠭᠤᠷᠢᠨ ᠦᠵᠡᠬᠦ ᠪᠣᠯᠪᠠᠰᠤᠷᠠᠯ ᠤᠨ ᠬᠤᠷᠠᠯ ᠬᠤᠭᠤᠯᠠᠢ ᠠᠭᠤᠯᠠ ᠰᠢᠶᠠᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2023/8/30
      ᠦᠷ᠎ᠡ ᠪᠣᠯ ᠲᠠᠷᠢᠶᠠᠯᠠᠩ ᠤᠨ ︽ᠴᠠᠬᠢᠮ︾ ᠮᠥᠨ᠂ ᠠᠮᠤ ᠪᠤᠳᠠᠭᠠᠨ ᠤ ᠠᠮᠤᠷ ᠲᠦᠪᠰᠢᠨ ᠤ ᠵᠠᠩᠭᠢᠯᠠᠭ᠎ᠠ ᠶᠢᠨ ᠭᠤᠣᠯᠳᠠᠯᠭ᠎ᠠ ᠪᠣᠯ ᠦᠷ᠎ᠡ ᠶᠢᠨ ᠦᠢᠯᠡᠰ ᠤᠨ ᠠᠮᠤᠷ ᠲᠦᠪᠰᠢᠨ ᠪᠣᠯᠣᠨ᠎ᠠ᠃ 8 ᠰᠠᠷ᠎ᠠ ᠶᠢᠨ 26 ᠤ ᠡᠳᠦᠷ᠂ ᠦᠴᠦᠸᠠᠨ ᠰᠢᠶᠠᠨ ᠤ ᠲᠥᠮᠥᠰᠥ ᠶᠢᠨ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠤᠨ ᠲᠤᠬᠠᠢ ᠶᠢᠨ ᠲᠠᠯᠠᠪᠤᠷ ᠤᠨ ᠲᠣᠭᠤᠷᠢᠨ ᠦᠵᠡᠬᠦ ᠪᠣᠯᠪᠠᠰᠤᠷᠠᠯ ᠤᠨ ᠬᠤᠷᠠᠯ ᠬᠤᠭᠤᠯᠠᠢ ᠠᠭᠤᠯᠠ ᠰᠢᠶᠠᠩ ᠤᠨ ᠳ᠋ᠠ ᠳ᠋ᠧᠦ ᠫᠦ᠋ ᠲᠣᠰᠬᠤᠨ ᠳᠤ ᠶᠠᠪᠤᠭᠳᠠᠪᠠ᠃ ᠲᠤᠰ ᠤᠳᠠᠭ᠎ᠠ ᠶᠢᠨ ᠲᠣᠭᠤᠷᠢᠨ ᠦᠵᠡᠬᠦ ᠬᠤᠷᠠᠯ ᠢ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠠᠵᠢᠯ ᠲᠦᠷᠦᠯ ᠤᠨ ᠲᠤᠰᠬᠠᠢ ᠮᠡᠷᠭᠡᠵᠢᠯᠲᠡᠨ᠂ ᠮᠡᠷᠭᠡᠵᠢᠯ ᠤᠨ ᠭᠤᠣᠯᠯᠠᠭᠴᠢ ᠬᠦᠴᠦᠨ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠤ ᠲᠤᠰᠬᠠᠢ ᠮᠡᠷᠭᠡᠵᠢᠯᠲᠡᠨ᠂ ᠡᠷᠳᠡᠮᠲᠡᠨ᠂ ᠲᠠᠷᠢᠮᠠᠯ ᠤᠨ ᠲᠣᠮᠣ ᠡᠷᠦᠬᠡ᠂ ᠠᠵᠤ ᠠᠬᠤᠶᠢᠯᠠᠯ ᠤᠨ ᠲᠥᠯᠥᠭᠡᠯᠡᠭᠴᠢ ᠵᠡᠷᠭᠡ ᠲᠣᠭᠤᠷᠢᠨ ᠦᠵᠡᠬᠦ ᠳᠤ ᠣᠷᠣᠯᠴᠠᠵᠠᠢ᠃      ᠲᠣᠭᠤᠷᠢᠨ ᠦᠵᠡᠬᠦ ᠬᠤᠷᠠᠯ ᠤᠨ ᠲᠤᠬᠠᠢ ᠶᠢᠨ ᠲᠠᠯᠠᠪᠠᠢ ᠳᠤ᠂ ᠲᠤᠰᠬᠠᠢ ᠮᠡᠷᠭᠡᠵᠢᠯ ᠤᠨ ᠠᠵᠢᠯᠲᠠᠳ ᠦᠴᠦᠸᠠᠨ ᠰᠢᠶᠠᠨ ᠤ ᠲᠥᠮᠥᠰᠥ ᠶᠢᠨ︽ᠲᠠᠷᠢᠶ᠎ᠠ ᠦᠵᠡᠵᠦ ᠦᠷ᠎ᠡ ᠰᠣᠩᠭᠤᠬᠤ︾ᠲᠠᠪᠴᠠᠩ ᠤᠨ ᠰᠠᠭᠤᠷᠢᠨ ᠭᠠᠵᠠᠷ ᠤᠨ ᠲᠠᠯᠠᠪᠠᠶ᠂ ᠮᠡᠷᠭᠡᠵᠢᠯ ᠤᠨ ᠵᠠᠭᠪᠤᠷ᠂ ᠲᠠᠷᠢᠶᠠᠨ ᠭᠠᠵᠠᠷ ᠤᠨ ᠬᠠᠮᠢᠶᠠᠷᠤᠯᠲᠠ ᠵᠡᠷᠭᠡ ᠦᠨᠳᠦᠰᠦᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠤᠷᠭᠤᠮᠠᠯ ᠤᠨ ᠲᠦᠷᠦᠯ ᠪᠦᠷᠢ ᠶᠢᠨ ᠣᠨᠴᠠᠯᠢᠭ ᠰᠢᠨᠵᠢ᠂ ᠤᠷᠭᠤᠴᠠ᠂ ᠡᠯᠪᠡᠭ ᠬᠤᠷᠢᠶᠠᠯᠲᠠ ᠲᠠᠢ ᠴᠢᠨᠠᠷ᠂ ᠡᠪᠡᠳᠴᠢᠨ ᠢ ᠡᠰᠡᠷᠭᠦᠴᠡᠬᠦ ᠴᠢᠨᠠᠷ ᠵᠡᠷᠭᠡ ᠳᠠᠪᠠᠭᠤᠯᠢᠭ ᠪᠠ ᠳᠤᠲᠠᠭᠳᠠᠯ ᠲᠠᠢ ᠲᠠᠯ᠎ᠠ ᠶᠢ ᠨᠠᠷᠢᠨ ᠨᠢᠭᠲᠠ ᠲᠠᠨᠢᠯᠴᠠᠭᠤᠯᠤᠨ ᠲᠠᠶᠢᠯᠪᠤᠷᠢᠯᠠᠵᠠᠢ᠃ ᠲᠣᠭᠤᠷᠢᠨ ᠦᠵᠡᠬᠦ ᠬᠥᠮᠥᠰ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠷᠥᠯ ᠪᠦᠷᠢ ᠶᠢᠨ ᠥᠰᠦᠯᠲᠡ ᠶᠢᠨ ᠪᠠᠶᠢᠳᠠᠯ ᠪᠠ ᠲᠥᠮᠥᠰᠥ ᠰᠠᠭᠤᠭᠰᠠᠨ ᠪᠠᠶᠢᠳᠠᠯ ᠢ ᠬᠠᠷᠢᠴᠠᠭᠤᠯᠤᠨ᠂ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ᠂ ᠦᠢᠯᠡᠳᠬᠦᠨ ᠤ ᠥᠷᠲᠡᠭ ᠦᠷ᠎ᠡ ᠠᠰᠢᠭ ᠵᠡᠷᠭᠡ ᠶᠢᠨ ᠲᠤᠬᠠᠢ ᠢᠳᠡᠪᠬᠢᠲᠡᠢ ᠶᠠᠷᠢᠯᠴᠠᠭ᠎ᠠ ᠪᠠ ᠰᠣᠯᠢᠯᠴᠠᠭ᠎ᠠ ᠥᠷᠨᠢᠭᠦᠯᠵᠦ᠂ ᠠᠭᠤᠷ ᠠᠮᠢᠰᠬᠤᠯ ᠮᠠᠰᠢ ᠬᠥᠷ ᠬᠥᠭᠵᠢᠶᠡᠨ ᠲᠠᠢ ᠪᠠᠶᠢᠯ᠎ᠠ᠃      ᠲᠣᠰ ᠤᠳᠠᠭᠠᠨ ᠤ ᠲᠣᠭᠤᠷᠢᠨ ᠦᠵᠡᠬᠦ ᠳᠤ ᠣᠷᠣᠯᠴᠠᠭᠰᠠᠨ ᠦᠴᠦᠸᠠᠨ ᠰᠢᠶᠠᠨ ᠤ ᠲᠥᠮᠥᠰᠥ ᠶᠢᠨ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠤᠨ ᠳᠠᠷᠢᠬᠤ ᠲᠠᠯᠠᠪᠠᠶ ᠨᠢ 120 ᠮᠦ ᠣᠷᠴᠢᠮ ᠪᠠᠶᠢᠵᠤ᠂ 17 ᠲᠥᠷᠥᠯ ᠵᠦᠢᠯ᠂ 4 ᠵᠢᠱᠢᠶ᠎ᠡ ᠦᠵᠡᠭᠦᠯᠬᠦ ᠲᠥᠷᠥᠯ ᠵᠦᠢᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠣᠶᠢᠷ᠎ᠠ ᠶᠢᠨ 3 ᠵᠢᠯ ᠤᠨ ᠳᠣᠲᠣᠷ᠎ᠠ ᠰᠣᠩᠭᠤᠨ ᠪᠣᠶᠢᠵᠢᠭᠤᠯᠤᠭᠰᠠᠨ ᠶᠡᠷᠦᠩᠬᠡᠢ ᠢᠯᠡᠷᠡᠯ ᠲᠣᠪᠣᠶᠢᠮ᠎ᠠ᠂ ᠳᠡᠯᠭᠡᠷᠡᠭᠦᠯᠦᠯᠲᠡ ᠶᠢᠨ ᠢᠷᠡᠭᠡᠳᠦᠢ ᠰᠠᠶᠢᠨ ᠲᠥᠷᠥᠯ ᠵᠦᠢᠯ ᠢ ᠭᠤᠣᠯᠳᠠᠯᠭ᠎ᠠ ᠲᠠᠢ ᠳᠡᠯᠭᠡᠨ ᠦᠵᠡᠭᠦᠯᠵᠡᠢ᠃ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠤᠨ ᠪᠦᠲᠦᠭᠡᠨ ᠪᠠᠶᠢᠭᠤᠯᠤᠯᠲᠠ ᠨᠢ ᠡᠭᠦᠯᠳᠡᠷ ᠤᠨ ᠦᠵᠡᠭᠦᠯᠦᠯᠭᠡ ᠶᠢᠨ ᠲᠠᠷᠢᠶ᠎ᠠ ᠶᠢ ᠲᠠᠷᠢᠶᠠᠴᠢᠳ ᠤᠨ ᠦᠷ᠎ᠡ ᠰᠣᠩᠭᠤᠬᠤ ᠦᠯᠢᠭᠡᠷ ᠳᠠᠭᠤᠷᠢᠶᠠᠯ ᠲᠠᠷᠢᠶ᠎ᠠ᠂ ᠡᠭᠦᠯᠳᠡᠷ ᠢ ᠳᠡᠯᠭᠡᠷᠡᠭᠦᠯᠬᠦ ᠵᠢᠱᠢᠶ᠎ᠡ ᠦᠵᠡᠭᠦᠯᠬᠦ ᠲᠠᠷᠢᠶ᠎ᠠ ᠪᠣᠯᠭᠠᠵᠤ᠂ ᠲᠠᠷᠢᠶᠠᠴᠢᠳ ᠢ ᠪᠦᠲᠦᠮᠵᠢᠲᠡᠶ ᠪᠠᠷ ᠬᠠᠪᠰᠤᠷᠤᠨ ᠰᠢᠨᠵᠢᠯᠡᠬᠦ ᠤᠬᠠᠭᠠᠨᠴᠢ ᠪᠠᠷ ᠦᠷ᠎ᠡ ᠰᠣᠩᠭᠤᠨ ᠦᠷ᠎ᠡ ᠬᠡᠷᠡᠭᠯᠡᠵᠦ᠂ ᠰᠠᠶᠢᠨ ᠡᠭᠦᠯᠳᠡᠷ ᠢ ᠰᠢᠨᠡᠳᠬᠡᠨ ᠰᠣᠯᠢᠬᠤ ᠶᠢ ᠲᠦᠷᠭᠡᠳᠬᠡᠨ᠂ ᠰᠠᠶᠢᠨ ᠡᠭᠦᠯᠳᠡᠷ ᠤᠨ ᠭᠠᠷᠤᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠰᠢᠶᠠᠨ ᠤ ᠲᠠᠷᠢᠮᠠᠯ ᠤᠨ ᠡᠭᠦᠯᠳᠡᠷ ᠤᠨ ᠠᠮᠤᠷ ᠲᠦᠪᠰᠢᠨ ᠢ ᠪᠠᠲᠤᠯᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠠᠢ᠃
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ