ᠦᠴᠦᠸᠠᠨ ᠰᠢᠶᠠᠨ ᠠᠴᠠ ᠪᠡᠭᠡᠵᠢᠩ ᠬᠤᠲᠠ ᠶᠢᠨ ᠮᠧᠨ ᠲᠧᠦ ᠭᠧᠦ ᠲᠣᠭᠤᠷᠢᠭ ᠲᠤ ᠠᠩᠬᠠᠨ ᠤ ᠪᠦᠯᠦᠭ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠳ᠋ ᠪᠣᠳᠠᠰ ᠬᠠᠨᠳᠢᠪᠯᠡᠪᠠ
ᠨᠡᠶᠢᠲᠡᠯᠡᠭᠰᠡᠨ ᠴᠠᠭ᠄
2023/8/4
      ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠶᠢᠨ ᠡᠳᠦᠷ ᠤᠨ ᠲᠤᠷᠰᠢ᠂ ︽ᠳ᠋ᠤᠰᠰᠤᠷᠢ︾ ᠲᠠᠶᠢᠹᠧᠩ ᠰᠠᠯᠬᠢᠨ ᠤ ᠨᠥᠯᠥᠭᠡ ᠪᠠᠷ ᠪᠡᠭᠡᠵᠢᠩ ᠬᠤᠲᠠ ᠶᠢᠨ ᠮᠧᠨ ᠲᠧᠦ ᠭᠧᠦ ᠲᠣᠭᠤᠷᠢᠭ ᠲᠤ ᠦᠷᠭᠦᠯᠵᠢᠯᠡᠨ ᠰᠢᠷᠦᠭᠦᠨ ᠪᠣᠷᠣᠭᠠᠨ ᠣᠷᠣᠵᠤ᠂ ᠠᠭᠤᠯᠠ ᠶᠢᠨ ᠦᠶᠡᠷ ᠪᠠᠭᠤᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠮᠠᠰᠢ ᠶᠡᠭᠡ ᠬᠤᠬᠢᠷᠠᠯ ᠤᠴᠠᠷᠠᠭᠤᠯᠵᠠᠢ᠃ ᠡᠨᠡ ᠤᠳᠠᠭᠠᠨ ᠤ ᠦᠶᠡᠷ ᠤᠨ ᠭᠠᠮᠰᠢᠭ ᠤᠨ ᠪᠠᠶᠢᠳᠠᠯ ᠨᠡᠯᠢᠶᠡᠳ ᠬᠦᠨᠳᠦ ᠪᠠᠶᠢᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠᠶᠢᠳᠠᠯ ᠲᠤᠶᠢᠯ ᠤᠨ ᠬᠦᠨᠳᠦ ᠨᠣᠴᠢᠲᠠᠢ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠳ᠋ ᠪᠣᠳᠠᠰ ᠲᠤᠶᠢᠯ ᠤᠨ ᠳᠤᠲᠠᠭᠳᠠᠵᠤ ᠪᠠᠶᠢᠨ᠎ᠠ᠃ ᠪᠡᠭᠡᠵᠢᠩ ᠬᠤᠳᠠ ᠶᠢᠨ ᠮᠧᠨ ᠲᠧᠦ ᠭᠧᠦ ᠲᠣᠭᠤᠷᠢᠭ ᠤᠨ ᠣᠶᠢᠷ᠎ᠠ ᠶᠢᠨ ᠬᠤᠭᠤᠴᠠᠭᠠᠨ ᠤ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠠᠵᠢᠯ ᠢ ᠳᠡᠮᠵᠢᠬᠦ ᠶᠢᠨ ᠲᠥᠯᠥᠭᠡ᠂ 8 ᠳ᠋ᠤᠭᠠᠷ ᠰᠠᠷ᠎ᠠ ᠶᠢᠨ 2 ᠤᠨ ᠡᠳᠦᠷ᠂ ᠦᠴᠦᠸᠠᠨ ᠰᠢᠶᠠᠨ ᠤ ᠮᠧᠨ ᠲᠧᠦ ᠭᠧᠦ ᠲᠣᠭᠤᠷᠢᠭ ᠲᠤ ᠶᠠᠭᠠᠷᠠᠯᠲᠠᠢ ᠬᠠᠨᠳᠢᠪᠯᠠᠭᠰᠠᠨ ᠦᠨᠢᠶᠡᠨ ᠰᠦ᠂ ᠴᠠᠭᠠᠨ ᠢᠳᠡᠭᠡᠨ᠂ ᠪᠡᠯᠡᠨ ᠬᠤᠭᠤᠯᠠ᠂ ᠯᠣᠩᠬᠤ ᠲᠠᠢ ᠤᠰᠤ᠂ ᠰᠠᠭᠤᠯᠠᠭ᠎ᠠ ᠲᠠᠢ ᠤᠰᠤ᠂ ᠭᠠᠷ ᠳ᠋ᠧᠩ᠂ ᠳᠤᠯᠠᠭᠠᠯᠠᠭ᠎ᠠ ᠶᠢᠨ ᠡᠳ᠋᠂ ᠪᠣᠷᠣᠭᠠᠨ ᠳᠤ ᠬᠡᠷᠡᠭᠯᠡᠬᠦ ᠬᠡᠷᠡᠭᠰᠡᠯ᠂ ᠡᠮ ᠤᠨ ᠵᠦᠢᠯ ᠵᠡᠷᠭᠡ 100 ᠭᠠᠷᠤᠢ ᠲᠦᠮᠡᠨ ᠲᠥᠭᠦᠷᠢᠭ ᠤᠨ ᠭᠠᠮᠰᠢᠭ ᠠᠴᠠ ᠠᠪᠤᠷᠠᠬᠤ ᠠᠩᠬᠠᠨ ᠤ ᠪᠦᠯᠦᠭ ᠡᠳ᠋ ᠪᠣᠳᠠᠰ ᠢ ᠲᠡᠷᠭᠡᠨ ᠳᠤ ᠠᠴᠢᠨ ᠮᠧᠨ ᠲᠧᠦ ᠭᠧᠦ ᠳᠤ ᠬᠦᠷᠭᠡᠵᠦ᠂ ᠠᠶᠤᠯ ᠲᠠᠢ ᠲᠡᠮᠡᠴᠡᠵᠦ ᠭᠠᠮᠰᠢᠭ ᠠᠴᠠ ᠠᠪᠤᠷᠠᠬᠤ ᠳᠤ ᠪᠠᠲᠤᠯᠠᠭ᠎ᠠ ᠬᠠᠩᠭᠠᠵᠠᠢ᠃ ᠲᠣᠰ ᠤᠳᠠᠭᠠᠨ ᠤ ᠲᠤᠰᠠᠯᠠᠮᠵᠢ ᠶᠢᠨ ᠠᠵᠢᠯᠯᠠᠭ᠎ᠠ ᠨᠢ ᠬᠠᠯᠠᠭᠤᠨ ᠳᠤᠯᠠᠭᠠᠨ ᠪᠠ ᠰᠠᠨᠠᠯ ᠮᠥᠷᠥᠭᠡᠳᠦᠯ ᠢᠶᠠᠨ ᠪᠡᠭᠡᠵᠢᠩ ᠳᠤ ᠬᠦᠷᠭᠡᠭᠰᠡᠨ ᠢᠶᠠᠷ ᠪᠠᠷᠠᠬᠤ ᠦᠭᠡᠢ᠂ ᠨᠠᠩ ᠴᠤ ᠪᠡᠭᠡᠵᠢᠩ ᠥᠪᠥᠷ ᠮᠣᠩᠭᠤᠯ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠬᠠᠷᠠᠭᠤᠯᠤᠭᠰᠠᠨ ᠪᠠᠶᠢᠨ᠎ᠠ᠃      ᠣᠶᠢᠷ᠎ᠠ ᠶᠢᠨ ᠵᠢᠯ ᠤᠨ ᠲᠤᠷᠰᠢ᠂ ᠪᠡᠭᠡᠵᠢᠩ ᠬᠤᠲᠠ ᠶᠢᠨ ᠮᠧᠨ ᠲᠧᠦ ᠭᠧᠦ ᠲᠣᠭᠤᠷᠢᠭ ᠪᠣᠯᠣᠨ ᠦᠴᠦᠸᠠᠨ ᠰᠢᠶᠠᠨ ᠤᠷᠲᠤ ᠬᠤᠭᠤᠴᠠᠭᠠᠨ ᠤ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ᠂ ᠬᠠᠮᠵᠢᠯᠴᠠᠬᠤ ᠬᠠᠷᠢᠴᠠᠭ᠎ᠠ ᠲᠠᠢ ᠪᠣᠯᠵᠤ᠂ ᠬᠤᠶᠠᠷ ᠭᠠᠵᠠᠷ ᠤᠨ ᠬᠢᠨ ᠬᠠᠷᠢᠯᠴᠠᠨ ᠲᠦᠷ ᠴᠠᠭ ᠤᠨ ᠲᠤᠰᠢᠶᠠᠯᠲᠠᠨ ᠺᠠᠳ᠋ᠷ ᠢ 21 ᠬᠥᠮᠥᠨ ᠤᠳᠠᠭ᠎ᠠ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ 308 ᠬᠥᠮᠥᠨ ᠤᠳᠠᠭ᠎ᠠ ᠲᠣᠮᠢᠯᠠᠵᠤ᠂ ᠨᠡᠶᠢᠳᠡ 1.5 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠠᠮᠵᠢᠯᠴᠠᠬᠤ ᠲᠦᠷᠦᠯ ᠵᠦᠢᠯ ᠢ 124 ᠬᠡᠷᠡᠭᠵᠢᠭᠦᠯᠵᠦ᠂ ᠦᠴᠦᠸᠠᠨ ᠰᠢᠶᠠᠨ ᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠵᠡᠷᠭᠡ ᠲᠠᠯ᠎ᠠ ᠪᠠᠷ ᠬᠢ ᠪᠠᠭᠤᠷᠠᠢ ᠲᠠᠯ᠎ᠠ ᠶᠢ ᠰᠢᠢᠳᠪᠦᠷᠢᠯᠡᠵᠦ᠂ ᠦᠴᠦᠸᠠᠨ ᠰᠢᠶᠠᠨ ᠤ ᠨᠡᠶᠢᠭᠡᠮ ᠠᠵᠤ ᠠᠬᠤᠢ ᠶᠢᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠡᠢ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ