ᠬᠦᠬᠡᠬᠤᠳᠠ  ᠴᠡᠷᠢᠭ ᠬᠥᠮᠦᠨ ᠴᠡᠷᠢᠭ ᠤᠨ ᠬᠡᠷ ᠪᠦᠯᠢ ᠴᠡᠷᠢᠭ ᠤᠨ ᠠᠯᠪᠠ ᠠᠴᠠ ᠬᠠᠯᠠᠬᠳᠠᠬᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠬᠠᠷᠠᠭᠠᠯᠵᠠᠯ ᠤᠨ ᠭᠠᠷᠴᠠᠭ ᠢ ᠨᠡᠶᠢᠲᠡᠯᠡᠪᠡ
ᠨᠡᠶᠢᠲᠡᠯᠡᠭᠰᠡᠨ ᠴᠠᠭ᠄
2023/8/8
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠦᠨ ᠯᠢ ᠶᠢᠩ︶ ᠴᠡᠷᠢᠭ ᠬᠥᠮᠦᠨ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ ᠬᠠᠯᠠᠬᠳᠠᠬᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠬᠠᠷᠠᠭᠠᠯᠵᠠᠯ ᠦᠵᠡᠭᠦᠯᠬᠦ ᠠᠵᠢᠯ ᠢ ᠰᠠᠶᠢᠲᠤᠷ ᠬᠢᠵᠦ᠂ ᠴᠡᠷᠢᠭ ᠬᠥᠮᠦᠨ ᠢ ᠨᠡᠶᠢᠭᠡᠮ ᠳᠠᠶᠠᠭᠠᠷ ᠤᠨ ᠬᠦᠨᠳᠦᠳᠭᠡᠳᠡᠭ ᠠᠵᠢᠯ ᠲᠦᠷᠦᠯ ᠪᠣᠯᠭᠠᠬᠤ ᠶᠢᠨ ᠲᠥᠯᠥᠭᠡ᠂ ᠲᠦᠷᠦᠬᠦᠬᠡᠨ ︽ᠬᠥᠬᠡᠬᠤᠲᠠ ᠶᠢᠨ ᠠᠩᠬᠠᠳᠠᠭᠴᠢ ᠪᠦᠯᠦᠭ ᠴᠡᠷᠢᠭ ᠬᠥᠮᠦᠨ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ ᠬᠠᠯᠠᠬᠳᠠᠬᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠬᠠᠷᠠᠭᠠᠯᠵᠠᠯ ᠦᠵᠡᠭᠦᠯᠬᠦ ᠭᠠᠷᠴᠠᠭ︾ ᠢ ᠨᠡᠶᠢᠲᠡᠯᠡᠵᠦ᠂ ᠬᠦᠴᠦᠨ ᠪᠥᠬᠦᠶ ᠦᠨᠡᠮᠯᠡᠯ ᠲᠠᠢ ᠴᠡᠷᠢᠭ ᠬᠥᠮᠦᠨ᠂ ᠬᠠᠷᠠᠭᠠᠯᠵᠠᠯ ᠤᠨ ᠦᠨᠡᠮᠯᠡᠯ ᠲᠠᠢ ᠴᠡᠷᠢᠭ ᠤᠨ ᠠᠯᠪᠠ ᠠᠴᠠ ᠬᠠᠯᠠᠬᠳᠠᠬᠰᠠᠳ᠂ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠣᠯᠠᠨ ᠨᠡᠶᠢᠲᠡ ᠶᠢᠨ ᠡᠬᠢ ᠪᠠᠶᠠᠯᠢᠭ ᠪᠠ ᠴᠡᠷᠢᠭ ᠢᠶᠠᠨ ᠬᠦᠷᠢᠶᠡᠯᠡᠬᠦ ᠣᠯᠠᠨ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠪᠣᠯᠪᠠ᠃      ᠣᠶᠢᠯᠠᠭᠠᠭᠰᠠᠨ ᠢᠶᠠᠷ᠂ ᠠᠩᠬᠠᠳᠠᠭᠴᠢ ᠪᠦᠯᠦᠭ ᠤᠨ ᠬᠠᠷᠠᠭᠠᠯᠵᠠᠯ ᠤᠨ ᠭᠠᠷᠴᠠᠭ ᠲᠤ ᠡᠮᠴᠢᠯᠡᠭᠡ ᠡᠷᠡᠭᠦᠯᠵᠢᠯ᠂ ᠢᠳᠡᠭᠡᠨ ᠤᠮᠳᠠᠭᠠᠨ ᠬᠤᠨᠤᠭ ᠪᠠᠭᠤᠳᠠᠯ᠂ ᠵᠭᠤᠯᠴᠢᠯᠠᠯ ᠵᠤᠭ᠎ᠠ ᠴᠡᠩᠭᠡᠯ᠂ ᠮᠠᠰᠢᠨ ᠲᠡᠷᠭᠡᠨ ᠤ ᠦᠢᠯᠡᠴᠢᠯᠡᠭᠡ᠂ ᠪᠠᠷᠠᠭ᠎ᠠ ᠬᠤᠳᠠᠯᠳᠤᠨ ᠠᠪᠬᠤ ᠪᠠ ᠶᠠᠪᠤᠵᠤ ᠰᠠᠭᠤᠬᠤ᠂ ᠬᠡᠷ ᠤᠨ ᠬᠡᠷᠡᠭᠰᠡᠯ ᠵᠠᠰᠠᠯ ᠴᠢᠮᠡᠭᠯᠡᠯ᠂ ᠬᠥᠮᠦᠵᠢᠯ ᠪᠣᠯᠪᠠᠰᠤᠷᠠᠯ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ 8 ᠬᠦᠷᠢᠶ᠎ᠡ ᠴᠠᠷᠠᠭ᠎ᠠ᠂ 58 ᠬᠠᠷᠠᠭᠠᠯᠵᠠᠯ ᠤᠨ ᠲᠥᠷᠥᠯ ᠵᠦᠢᠯ ᠢ ᠪᠠᠭᠳᠠᠭᠠᠵᠤ᠂ ᠴᠡᠷᠢᠭ ᠬᠥᠮᠦᠨ ᠴᠡᠷᠢᠭ ᠤᠨ ᠬᠡᠷ ᠪᠦᠯᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠲᠤᠰᠬᠠᠢ ᠬᠠᠷᠠᠭᠠᠯᠵᠠᠯ ᠬᠠᠩᠭᠠᠵᠤ᠂ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ᠂ ᠬᠠᠷᠠᠭᠠᠯᠵᠠᠯ ᠭᠥᠷᠳᠡᠭᠰᠡᠳ ᠢ ᠬᠦᠨᠳᠦᠳᠭᠡᠬᠦ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠪᠠ᠃      ᠲᠠᠷᠠᠭᠠᠴᠢ ᠪᠠᠷ᠂ ᠬᠥᠬᠡᠬᠤᠲᠠ ᠶᠢᠨ ᠡᠯ᠎ᠡ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠴᠡᠷᠢᠭ ᠬᠥᠮᠥᠨ ᠴᠡᠷᠢᠭ ᠤᠨ ᠭᠡᠷ ᠪᠦᠯᠢ ᠴᠡᠷᠢᠭ ᠤᠨ ᠠᠯᠪᠠ ᠠᠴᠠ ᠬᠠᠯᠠᠭᠳᠠᠭᠰᠠᠳ᠂ ᠪᠣᠰᠣᠳ ᠠᠰᠠᠷᠠᠨ ᠬᠠᠷᠠᠭᠠᠯᠵᠠᠬᠤ ᠡᠲᠡᠭᠡᠳ ᠢ ᠢᠮᠠᠭᠲᠠ ᠰᠡᠳᠬᠢᠯ ᠳᠡᠭᠡᠨ ᠲᠠᠯᠪᠢᠵᠤ᠂ ᠬᠠᠷᠠᠭᠠᠯᠵᠠᠯ ᠤᠨ ᠠᠭᠤᠯᠭ᠎ᠠ ᠪᠠᠨ ᠦᠷᠭᠦᠯᠵᠢᠯᠡᠨ ᠪᠠᠶᠠᠯᠢᠭᠵᠢᠭᠤᠯᠵᠤ᠂ ᠬᠠᠷᠠᠭᠠᠯᠵᠠᠯ ᠤᠨ ᠲᠥᠷᠥᠯ ᠵᠦᠢᠯ ᠢ ᠥᠷᠭᠡᠳᠭᠡᠨ᠂ ᠣᠷᠣᠨ ᠤ ᠲᠥᠪ ᠤᠨ ᠴᠡᠷᠢᠭ ᠬᠦᠮᠦᠨ ᠴᠡᠷᠢᠭ ᠤᠨ ᠬᠡᠷ ᠪᠦᠯᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠨᠡᠮᠡᠭᠳᠡᠭᠦᠯᠵᠦ᠂ ᠵᠠᠯᠠᠭᠤᠴᠤᠳ ᠤᠨ ᠴᠡᠷᠢᠭ ᠲᠤ ᠣᠷᠣᠵᠤ ᠤᠯᠤᠰ ᠲᠠᠭᠠᠨ ᠬᠦᠴᠦ ᠪᠠᠨ ᠡᠷᠭᠦᠬᠦ ᠶᠢ ᠳᠠᠶᠢᠴᠢᠯᠠᠬᠤ ᠪᠣᠯᠣᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ