ᠮᠠᠨ ᠤ ᠬᠤᠲᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ︽  ᠺᠣᠳ᠋ ᠢᠶᠠᠷ ᠭᠦᠢᠴᠡᠳᠭᠡᠬᠦ︾ ᠢᠶᠠᠷ ᠭᠦᠢᠴᠡᠳᠬᠡᠬᠦ ᠲᠤᠬᠠᠶᠢᠯᠠᠭᠰᠠᠨ ᠠᠵᠢᠯ ᠢ ᠨᠡᠭᠡᠭᠡᠪᠡ
ᠨᠡᠶᠢᠲᠡᠯᠡᠭᠰᠡᠨ ᠴᠠᠭ᠄
2023/9/1
      ︵ᠰᠤᠷᠪᠤᠯᠵᠢᠯᠠᠭᠴᠢ ᠶᠦᠨ ᠶᠠᠨ ᠹᠠᠩ︶ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠭᠡᠷᠡᠴᠢᠯᠡᠬᠦ ᠵᠦᠢᠯᠡᠰ ᠢ ᠡᠮᠬᠢᠯᠡᠨ ᠨᠡᠶᠢᠯᠡᠭᠦᠯᠵᠦ ︿ᠺᠣᠳ᠋ ᠢᠶᠠᠷ ᠭᠦᠢᠴᠡᠳᠭᠡᠬᠦ﹀ ᠠᠵᠢᠯ ᠢ ᠲᠦᠯᠬᠢᠨ ᠠᠬᠢᠭᠤᠯᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠣᠶᠢᠷ᠎ᠠ ᠳᠤ ︽ᠺᠣᠳ᠋ ᠢᠶᠠᠷ ᠭᠦᠢᠴᠡᠳᠭᠡᠬᠦ︾ ᠲᠤᠬᠠᠶᠢᠯᠠᠭᠰᠠᠨ ᠠᠵᠢᠯ ᠢ ᠨᠡᠭᠡᠭᠡᠵᠦ᠂ ᠨᠢᠭᠡᠳᠦᠯᠲᠡᠢ ︽ᠡᠯᠧᠺᠲᠷᠣᠨ ᠺᠣᠳ᠋︾ ᠢᠶᠠᠷ ᠤᠤᠯ ᠤᠨ ᠠᠵᠢᠯᠲᠠᠨ ᠠᠵᠢᠯᠴᠢᠨ ᠤ ᠲᠤᠰᠢᠶᠠᠨ ᠬᠠᠳᠠᠭᠠᠯᠠᠭᠤᠯᠤᠭᠰᠠᠨ ᠴᠠᠭᠠᠰᠤᠨ ᠭᠡᠷᠡᠴᠢ᠂  ᠣᠨᠳᠣᠣ ᠭᠠᠵᠠᠷ ᠤᠨ ᠵᠢᠭᠡᠯᠡᠯᠭᠡ ᠶᠢᠨ ᠲᠤᠰᠢᠶᠠᠵᠤ ᠬᠠᠳᠠᠭᠠᠯᠠᠭᠤᠯᠤᠭᠰᠠᠨ ᠬᠡᠷᠡᠭᠯᠡᠭᠰᠡᠨ ᠭᠡᠷᠡᠴᠢ᠂ ᠵᠢᠭᠡᠯᠡᠯᠭᠡ ᠪᠠᠨ ᠲᠤᠰᠢᠶᠠᠵᠤ ᠳᠠᠭᠤᠰᠬᠠᠭᠰᠠᠨ ᠭᠡᠷᠡᠴᠢ ᠵᠡᠷᠭᠡ ᠬᠤᠪᠢ ᠬᠥᠮᠥᠨ ᠤ ᠭᠡᠷᠡᠴᠢᠯᠡᠯ ᠢ ᠣᠷᠤᠯᠠᠭᠤᠯᠪᠠ᠃      ︽  ᠺᠣᠳ᠋ ᠢᠶᠠᠷ ᠭᠦᠢᠴᠡᠳᠭᠡᠬᠦ︾ ᠭᠡᠳᠡᠭ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠣᠨᠳᠣᠣ ᠭᠠᠵᠠᠷ ᠲᠤ ᠬᠤᠪᠢ ᠬᠥᠮᠥᠨ ᠤ ᠭᠡᠷᠡᠴᠢᠯᠡᠬᠦ ᠵᠦᠢᠯᠡᠰ ᠤᠨ ᠲᠥᠷᠥᠯ ᠤᠨ ᠣᠯᠠᠨ ᠲᠦᠮᠡᠨ ᠳᠤ ᠬᠠᠩᠭᠠᠭᠰᠠᠨ ᠨᠢᠭᠡ ᠵᠦᠢᠯ ᠤᠨ ᠲᠣᠭᠠᠴᠢᠯᠠᠭᠰᠠᠨ ᠠᠵᠢᠯ ᠶᠠᠪᠤᠳᠠᠯ ᠭᠦᠢᠴᠡᠳᠭᠡᠬᠦ ᠲᠤᠬᠠᠶᠢᠯᠠᠭᠰᠠᠨ ᠠᠵᠢᠯ ᠪᠠᠶᠢᠵᠤ᠂ ᠪᠥᠬᠦ ᠤᠯᠤᠰ ᠤᠨ ᠬᠡᠪᠴᠢᠶᠡᠨ ᠳᠠᠬᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠵᠤ ᠪᠠᠶᠢᠭ᠎ᠠ ᠪᠣᠶ ᠪᠦᠬᠦᠢ ᠠᠵᠢᠯᠲᠠᠨ ᠠᠵᠢᠯᠴᠢᠨ ᠳᠤ ᠬᠠᠨᠳᠤᠭᠤᠯᠤᠭᠰᠠᠨ ᠶᠤᠮ᠃ ︽ᠠᠵᠢᠯᠲᠠᠨ ᠠᠵᠢᠯᠴᠢᠨ ᠤ ᠲᠤᠰᠢᠶᠠᠵᠤ ᠬᠠᠳᠠᠭᠠᠯᠠᠭᠤᠯᠤᠭᠰᠠᠨ ᠭᠡᠷᠡᠴᠢ︾ ︽ᠣᠨᠳᠣᠣ ᠭᠠᠵᠠᠷ ᠤᠨ ᠵᠢᠭᠡᠯᠡᠯᠭᠡ ᠶᠢᠨ ᠲᠤᠰᠢᠶᠠᠵᠤ ᠬᠠᠳᠠᠭᠠᠯᠠᠭᠤᠯᠤᠭᠰᠠᠨ ᠭᠡᠷᠡᠴᠢ︾ ︽ᠵᠢᠭᠡᠯᠡᠯᠭᠡ ᠶᠢ ᠳ᠋ᠦᠩᠨᠡᠨ ᠪᠤᠳᠤᠭᠰᠠᠨ ᠭᠡᠷᠡᠴᠢ︾ ᠶᠢ ᠨᠢᠭᠡᠳᠦᠯᠲᠡᠢ ᠪᠠᠷ ᠨᠡᠶᠢᠯᠡᠭᠦᠯᠦᠭᠡᠳ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠬᠤᠪᠢ ᠬᠥᠮᠥᠨ ᠤ ᠮᠡᠳᠡᠭᠡ ᠵᠠᠩᠭᠢ ᠶᠢᠨ ᠬᠦᠰᠦᠨᠦᠭᠲᠦ︾ ᠪᠣᠯᠭᠠᠵᠤ᠂ ︽ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠵᠢᠭ ᠫᠷᠤᠭ᠍ᠷᠠᠮ︾ ᠢᠶᠠᠷ ᠳᠠᠮᠵᠢᠭᠤᠯᠤᠨ ︽ᠡᠯᠧᠺᠲᠷᠣᠨ ᠺᠣᠳ᠋︾ ᠢᠶᠠᠨ   ᠭᠠᠷᠭᠠᠵᠤ᠂ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠴᠠᠭ ᠲᠤᠬᠠᠢ ᠳᠤᠨᠢ ᠪᠠᠶᠢᠴᠠᠭᠠᠨ ᠯᠠᠪᠯᠠᠵᠤ ᠰᠢᠯᠭᠠᠨ ᠪᠠᠲᠤᠯᠠᠪᠠᠯ ᠳᠠᠷᠤᠢ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠣᠣᠷ ᠴᠡᠭ ᠲᠤ ᠲᠤᠬᠠᠶᠢᠯᠠᠭᠰᠠᠨ ᠠᠵᠢᠯ ᠭᠦᠢᠴᠡᠳᠬᠡᠵᠦ ᠪᠣᠯᠣᠨ᠎ᠠ᠃      ᠲᠤᠰ ᠡᠳᠦᠷ ᠠᠴᠠ ᠡᠬᠢᠯᠡᠨ᠂ ᠣᠨᠳᠣᠣ ᠭᠠᠵᠠᠷ ᠲᠤ ᠲᠤᠰᠢᠶᠠᠨ ᠬᠠᠳᠠᠭᠠᠯᠠᠭᠤᠯᠵᠤ ᠪᠠᠶᠢᠭ᠎ᠠ ᠠᠵᠢᠯᠲᠠᠨ ᠠᠵᠢᠯᠴᠢᠨ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ᠂ ︽ᠪᠦᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠵᠢᠭ ᠫᠷᠤᠭ᠍ᠷᠠᠮ︾ ᠢᠶᠠᠷ ᠳᠠᠮᠵᠢᠭᠤᠯᠤᠨ ︽ᠡᠯᠧᠺᠲᠷᠣᠨ ᠺᠤᠳ᠋︾ ᠭᠤᠶᠤᠴᠢᠯᠠᠨ ᠠᠪᠴᠤ ᠪᠣᠯᠣᠨ᠎ᠠ᠂ ᠠᠵᠢᠯᠲᠠᠨ ᠺᠣᠳ᠋ ᠰᠢᠷᠪᠢᠭᠰᠡᠨ ᠤ ᠳᠠᠷᠠᠭ᠎ᠠ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠨ ᠬᠠᠮᠢᠶᠠᠷᠬᠤ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠬᠤᠪᠢ ᠬᠥᠮᠥᠨ ᠤ ᠮᠡᠳᠡᠭᠡ ᠵᠠᠩᠭᠢ ᠶᠢᠨ ᠬᠦᠰᠦᠨᠦᠭᠲᠦ︾  ᠭᠠᠷᠭᠠᠨ ᠠᠪᠴᠤ᠂ ᠨᠢᠭᠡᠳᠦᠯᠲᠡᠢ ︽ᠡᠯᠧᠺᠲᠷᠣᠨ ᠺᠣᠳ᠋︾ ᠢᠶᠠᠷ ᠤᠤᠯ ᠤᠨ ᠠᠵᠢᠯᠲᠠᠨ ᠠᠵᠢᠯᠴᠢᠨ ᠤ ᠲᠤᠰᠢᠶᠠᠨ ᠬᠠᠳᠠᠭᠠᠯᠠᠭᠤᠯᠤᠭᠰᠠᠨ ᠭᠡᠷᠡᠴᠢ᠂ ᠣᠨᠳᠣᠣ ᠭᠠᠵᠠᠷ ᠤᠨ ᠵᠢᠭᠡᠯᠡᠯᠭᠡ ᠶᠢᠨ ᠲᠤᠰᠢᠶᠠᠨ ᠬᠠᠳᠠᠭᠠᠯᠠᠭᠤᠯᠤᠭᠰᠠᠨ ᠭᠡᠷᠡᠭᠯᠡᠭᠰᠡᠨ ᠭᠡᠷᠡᠴᠢ᠂ ᠵᠢᠭᠡᠯᠡᠯᠭᠡ ᠶᠢᠨ ᠳ᠋ᠦᠩᠨᠡᠨ ᠪᠤᠳᠤᠭᠰᠠᠨ ᠭᠡᠷᠡᠴᠢ ᠵᠡᠷᠭᠡ 3 ᠵᠦᠢᠯ ᠤᠨ ᠴᠠᠭᠠᠰᠤᠨ ᠭᠡᠷᠡᠴᠢ ᠶᠢ ᠣᠷᠣᠯᠠᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠭᠡᠷᠡᠴᠢᠯᠡᠬᠦ ᠵᠦᠢᠯᠡᠰ ᠢ ︽ᠺᠣᠳ᠋ ᠢᠶᠠᠷ ᠭᠦᠢᠴᠡᠳᠭᠡᠬᠦ︾ ᠶᠢ ᠪᠡᠶᠡᠯᠡᠭᠦᠯᠦᠨ᠂ ᠲᠤᠰᠢᠶᠠᠨ ᠬᠠᠳᠠᠭᠠᠯᠠᠭᠤᠯᠤᠭᠰᠠᠨ ᠠᠵᠢᠯᠲᠠᠨ ᠠᠵᠢᠯᠴᠢᠨ ᠤ ᠣᠨᠳᠣᠣ ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠳᠤ ︽ᠨᠠᠰᠢ ᠴᠠᠰᠢ ᠭᠦᠶᠦᠬᠦ︾ ︽ᠬᠤᠶᠠᠷ ᠭᠠᠵᠠᠷ ᠲᠤ ᠭᠦᠶᠦᠬᠦ︾ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ︽ᠲᠤᠭ᠎ᠠ ᠪᠠᠷᠢᠮᠲᠠ ᠶᠢ ᠢᠯᠡᠭᠦᠦ ᠶᠠᠪᠤᠭᠤᠯᠵᠤ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠦᠨᠡᠨ ᠬᠦ ᠪᠡᠶᠡᠯᠡᠭᠦᠯᠪᠡ᠃      ᠣᠳᠣᠬᠠᠨ ᠳᠤ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠭᠡᠷᠡᠴᠢᠯᠡᠬᠦ ᠵᠦᠢᠯᠡᠰ ᠢ ︽ᠺᠤᠳ᠋ ᠢᠶᠠᠷ ᠭᠦᠢᠴᠡᠳᠬᠡᠬᠦ︾ ᠪᠠ ᠤᠤᠯ ᠤᠨ ᠴᠠᠭᠠᠰᠤᠨ ᠭᠡᠷᠡᠴᠢᠯᠡᠯ ᠵᠢᠴᠢ ᠭᠠᠷᠭᠠᠵᠤ ᠥᠭᠬᠦ ᠠᠷᠭ᠎ᠠ ᠮᠠᠶ᠋ᠢᠭ ᠢ ᠵᠡᠷᠭᠡ ᠪᠠᠷ ᠭᠡᠷᠡᠭᠯᠡᠵᠦ᠂ ᠵᠡᠷᠭᠡ ᠪᠠᠷ ᠬᠦᠴᠦᠨ ᠲᠠᠢ᠂ ᠰᠢᠯᠵᠢᠯᠲᠡ ᠶᠢᠨ ᠬᠤᠭᠤᠴᠠᠭ᠎ᠠ ᠨᠢ 1 ᠵᠢᠯ ᠪᠣᠯᠣᠨ᠎ᠠ︔2024 ᠣᠨ ᠤ 8 ᠳ᠋ᠤᠭᠠᠷ ᠰᠠᠷ᠎ᠠ ᠠᠴᠠ ᠡᠬᠢᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠭᠡᠷᠡᠴᠢᠯᠡᠬᠦ ᠵᠦᠢᠯᠡᠰ ᠢ ︽  ᠺᠤᠳ᠋ ᠢᠶᠠᠷ ᠭᠦᠢᠴᠡᠳᠬᠡᠬᠦ︾  ᠲᠤᠬᠠᠶᠢᠯᠠᠭᠰᠠᠨ ᠠᠵᠢᠯ ᠢ ᠪᠥᠬᠦ ᠤᠯᠤᠰ ᠤᠨ ᠬᠡᠪᠴᠢᠶᠡᠨ ᠳᠤ ᠪᠥᠬᠦ ᠲᠠᠯ᠎ᠠ ᠪᠠᠷ ᠬᠡᠷᠡᠭᠵᠢᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ