︵ᠰᠤᠷᠪᠤᠯᠵᠢᠯᠠᠭᠴᠢ ᠸᠠᠩ ᠵᠦᠩ ᠵᠸᠦ︶ ᠣᠶᠢᠷ᠎ᠠ ᠶᠢᠨ ᠡᠳᠦᠷ᠂ ᠬᠥᠬᠡᠬᠤᠲᠠ ᠶᠢᠨ ᠬᠤᠶᠠᠳᠤᠭᠠᠷ ᠬᠤᠭᠤᠴᠠᠭᠠᠨ ᠤ ︽ᠳᠤᠮᠳᠠᠳᠤ ᠶᠢᠨ ᠦᠨᠳᠦᠰᠦᠲᠡᠨ | ᠨᠢᠭᠡ ᠭᠡᠷ ᠤᠨ ᠬᠥᠮᠥᠨ ᠮᠡᠲᠦ ᠳᠣᠲᠣᠨᠣ · ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠦᠶ᠎ᠡ︾ ᠵᠠᠯᠠᠭᠤᠴᠤᠳ | ᠪᠠᠭᠠᠴᠤᠳ ᠤᠨ ᠤᠷᠠᠨ ᠪᠢᠴᠢᠯᠭᠡ ᠤᠷᠠᠨ ᠵᠢᠷᠤᠭ ᠤᠨ ᠤᠷᠤᠯᠳᠤᠭᠠᠨ 10 ᠳ᠋ᠤᠭᠠᠷ ᠰᠠᠷ᠎ᠠ ᠳᠤ ᠮᠠᠨ ᠤ ᠬᠤᠳᠠ ᠳᠤ ᠶᠠᠪᠤᠭᠳᠠᠬᠤ ᠪᠠᠷ ᠪᠣᠢ᠂ ᠲᠤᠰ | ᠡᠳᠦᠷ ᠠᠴᠠ ᠡᠬᠢᠯᠡᠨ ᠨᠡᠶᠢᠭᠡᠮ ᠨᠡᠶᠢᠲᠡ ᠠᠴᠠ ᠵᠣᠬᠢᠶᠠᠯ ᠪᠦᠲᠦᠭᠡᠯ ᠢ ᠢᠯᠡ ᠪᠠᠷ ᠡᠯᠰᠡᠨ᠎ᠡ᠃ | ᠣᠶᠢᠯᠠᠭᠠᠭᠰᠠᠨ ᠢᠶᠠᠷ᠂ ᠪᠦᠲᠦᠭᠡᠯ ᠡᠯᠰᠡᠬᠦ ᠡᠲᠡᠭᠡᠳ ᠨᠢ᠄ ᠪᠦᠬᠦᠯᠢ 17 ᠨᠠᠰᠤᠨ ᠠᠴᠠ ᠳᠣᠷᠣᠭᠰᠢᠬᠢ᠂ ᠤᠷᠠᠨ ᠪᠢᠴᠢᠯᠭᠡ ᠤᠷᠠᠨ ᠵᠢᠷᠤᠭ ᠲᠤ | ᠪᠠᠭ᠋ᠠᠲᠠᠢ ᠵᠠᠯᠠᠭᠤᠴᠤᠳ ᠪᠠᠭᠠᠴᠤᠳ ᠬᠡᠦᠬᠡᠳ ︵ᠵᠥᠪᠬᠡᠨ ᠬᠥᠬᠡᠬᠤᠲᠠ ᠣᠷᠣᠨ ᠢᠶᠠᠷ ᠬᠢᠵᠠᠭᠠᠷᠯᠠᠨ᠎ᠠ︶᠂ ᠵᠢᠭᠠᠯ ᠬᠡᠦᠬᠡᠳ ᠤᠨ ᠳᠤᠭᠤᠶᠢᠯᠠᠩ ︵ᠪᠦᠬᠦᠯᠢ 7 | ᠨᠠᠰᠤᠨ ᠠᠴᠠ ᠳᠣᠷᠣᠭᠰᠢᠬᠢ︶᠂ ᠬᠡᠦᠬᠡᠳ ᠤᠨ ᠳᠤᠭᠤᠶᠢᠯᠠᠩ ︵8 ︱ 12 ᠪᠦᠬᠦᠯᠢ ᠨᠠᠰᠤ︶᠂ ᠪᠠᠭᠠᠴᠤᠳ ᠤᠨ ᠳᠤᠭᠤᠶᠢᠯᠠᠩ ︵13 ︱ 17 ᠪᠦᠬᠦᠯᠢ | ᠨᠠᠰᠤ︶ ᠭᠡᠵᠦ ᠬᠤᠪᠢᠶᠠᠨ᠎ᠠ᠃ ᠲᠣᠰ ᠤᠳᠠᠭᠠᠨ ᠤ ᠡᠯᠰᠡᠬᠦ ᠪᠦᠲᠦᠭᠡᠯ ᠤᠨ ᠢᠯᠡᠷᠡᠭᠦᠯᠬᠦ ᠬᠡᠯᠪᠡᠷᠢ ᠶᠢ ᠬᠢᠵᠠᠭᠠᠷᠯᠠᠬᠤ ᠦᠭᠡᠢ᠂ ᠬᠡᠦᠬᠡᠳ ᠤᠨ ᠵᠢᠷᠤᠭ᠂ ᠺᠠᠷᠲ᠋ᠣᠨ | ᠵᠢᠷᠤᠭ᠂ ᠲᠠᠲᠠᠯᠠᠭᠠᠨ ᠵᠢᠷᠤᠭ ᠵᠡᠷᠭᠡ ᠴᠥᠮ ᠪᠣᠯᠣᠨ᠎ᠠ᠂ ᠭᠡᠪᠡᠴᠦ ᠵᠣᠬᠢᠶᠠᠭᠴᠢ ᠨᠢᠭᠡᠪᠦᠷᠢ ᠤᠨ ᠮᠡᠳᠡᠭᠦᠯᠬᠦ ᠪᠦᠲᠦᠭᠡᠯ ᠢ ᠬᠠᠮᠤᠭ ᠤᠨ ᠣᠯᠠᠨ ᠳᠠᠭᠠᠨ ᠨᠢᠭᠡ | ᠪᠦᠲᠦᠭᠡᠯ ᠢᠶᠠᠷ ᠬᠢᠵᠠᠭᠠᠷᠯᠠᠵᠤ᠂ ᠵᠣᠬᠢᠶᠠᠨ ᠪᠦᠲᠦᠭᠡᠬᠦ ᠶᠢ ᠵᠣᠷᠢᠭᠵᠢᠭᠤᠯᠤᠨ᠎ᠠ᠃ ᠪᠦᠲᠦᠭᠡᠯ ᠡᠯᠰᠡᠬᠦ ᠴᠠᠭ ᠨᠢ 9 ᠳ᠋ᠤᠭᠡᠷ ᠰᠠᠷ᠎ᠠ ᠶᠢᠨ 20 ᠤ ᠡᠳᠦᠷ ᠪᠣᠯᠲᠠᠯ᠎ᠠ | ᠦᠷᠭᠦᠯᠵᠢᠯᠡᠨ᠎ᠡ᠃ |