ᠬᠡᠦᠬᠡᠳ ᠪᠠ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢᠨ ᠲᠥᠯᠥᠭᠡ᠂ ᠤᠯᠤᠰ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠭᠤᠤᠯ ᠮᠡᠳᠡᠯᠭᠡ ᠶᠢᠨ | ᠠᠷᠪᠠᠨ ᠵᠤᠷᠪᠤᠰ︾ ᠢ ᠳᠠᠷᠤᠮᠠᠯᠯᠠᠨ ᠲᠠᠷᠬᠠᠭᠠᠪᠠ᠃ ᠡᠭᠦᠨ ᠳᠤ ᠬᠡᠦᠬᠡᠳ ᠤᠨ ᠡᠯᠧᠺᠲᠷᠣᠨ ᠳᠡᠯᠭᠡᠴᠡ ᠬᠡᠷᠡᠭᠯᠡᠬᠦ ᠴᠠᠭ ᠤᠨ ᠲᠤᠬᠠᠶ ᠨᠠᠷᠢᠨ ᠲᠣᠭᠲᠠᠭᠠᠯ | ᠭᠠᠷᠭᠠᠵᠠᠶ᠃ | ᠲᠤᠰ ᠪᠢᠴᠢᠭ ᠮᠠᠲ᠋ᠧᠷᠢᠶᠠᠯ ᠳᠤ ᠡᠯᠧᠺᠲᠷᠣᠨ ᠳᠡᠯᠭᠡᠴᠡ ᠶᠢᠨ ᠲᠥᠷᠥᠯ ᠤᠨ ᠦᠢᠯᠡᠳᠬᠦᠨ ᠢ ᠣᠷᠳᠣ ᠬᠤᠭᠤᠴᠠᠭ᠎ᠠ ᠪᠠᠷ ᠣᠶᠢᠷ᠎ᠠ ᠵᠠᠢ ᠠᠴᠠ ᠬᠡᠷᠡᠭᠯᠡᠬᠦ ᠨᠢ | ᠬᠡᠦᠬᠡᠳ ᠤᠨ ᠬᠤᠯᠠ ᠬᠠᠷᠠᠭᠠᠨ ᠤ ᠨᠥᠭᠡᠴᠡ ᠶᠢ ᠠᠮᠠᠷᠬᠠᠨ ᠬᠤᠷᠣᠭᠳᠠᠭᠤᠯᠵᠤ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠡᠷᠲᠡ ᠡᠭᠦᠰᠬᠦ᠂ | ᠣᠯᠠᠨ ᠡᠭᠦᠰᠬᠦ ᠶᠢᠨ ᠴᠢᠬᠤᠯᠠ ᠰᠢᠯᠲᠠᠭᠠᠨ ᠪᠣᠯᠣᠨ᠎ᠠ ᠭᠡᠵᠦ ᠵᠢᠭᠠᠵᠤ ᠭᠠᠷᠭᠠᠭᠰᠠᠨ ᠤ ᠬᠠᠮᠲᠤ᠂ ᠡᠯ᠎ᠡ ᠨᠠᠰᠤᠨ ᠤ ᠬᠡᠤᠬᠡᠳ ᠤᠨ ᠳᠡᠯᠭᠡᠴᠡ ᠶᠢᠨ ᠲᠥᠷᠥᠯ ᠤᠨ | ᠡᠯᠧᠺᠲᠷᠣᠨ ᠦᠢᠯᠡᠳᠬᠦᠨ ᠢ ᠬᠡᠷᠡᠭᠯᠡᠬᠦ ᠲᠤᠬᠠᠢ ᠬᠠᠮᠢᠶᠠᠷᠤᠨ ᠡᠵᠡᠮᠳᠡᠬᠦ ᠪᠣᠳᠠᠲᠠᠢ ᠴᠠᠭ ᠢ ᠨᠡᠶᠢᠲᠡᠯᠡᠪᠡ᠃ | 0 — 3 ᠨᠠᠰᠤᠨ ᠤ ᠨᠢᠯᠬ᠎ᠠ ᠬᠡᠦᠬᠡᠳ᠄ ᠭᠠᠷ ᠤᠲᠠᠰᠤ᠂ ᠺᠣᠮᠫᠢᠦ᠋ᠲ᠋ᠧᠷ ᠵᠡᠷᠭᠡ ᠳᠡᠯᠭᠡᠴᠡ ᠶᠢᠨ ᠲᠥᠷᠥᠯ ᠤᠨ ᠡᠯᠧᠺᠲᠷᠣᠨ ᠦᠢᠯᠡᠳᠬᠦᠨ ᠢ ᠬᠡᠷᠡᠭᠯᠡᠬᠦ | ᠥᠬᠡᠶ︔ | 3 — 6 ᠨᠠᠰᠤᠨ ᠤ ᠬᠡᠦᠬᠡᠳ᠄ ᠭᠠᠷ ᠤᠲᠠᠰᠤ᠂ ᠺᠣᠮᠫᠢᠦ᠋ᠲ᠋ᠧᠷ ᠵᠡᠷᠭᠡ ᠳᠡᠯᠭᠡᠴᠡ ᠶᠢᠨ ᠲᠥᠷᠥᠯ ᠤᠨ ᠡᠯᠧᠺᠲᠷᠣᠨ ᠦᠢᠯᠡᠳᠬᠦᠨ ᠲᠠᠢ ᠣᠶᠢᠷᠠᠳᠬᠤ | ᠪᠠ ᠬᠡᠷᠡᠭᠯᠡᠬᠦ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠃ | ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ᠄ ᠰᠤᠷᠤᠯᠴᠠᠬᠤ ᠪᠤᠰᠤ ᠵᠣᠷᠢᠯᠭ᠎ᠠ ᠪᠠᠷ ᠡᠯᠧᠺᠲᠷᠣᠨ ᠳᠡᠯᠭᠡᠴᠡ ᠶᠢ ᠬᠡᠷᠡᠭᠯᠡᠬᠦ ᠴᠠᠭ ᠢ ᠨᠢᠭᠡ ᠤᠳᠠᠭ᠎ᠠ | 15 ᠮᠢᠨᠦ᠋ᠲ ᠠᠴᠠ ᠬᠡᠲᠦᠷᠡᠭᠦᠯᠵᠦ ᠪᠣᠯᠬᠤ ᠥᠬᠡᠶ᠂ ᠡᠳᠦᠷ ᠪᠦᠷᠢ ᠨᠡᠶᠢᠲᠡ ᠴᠠᠭ ᠢ 1 ᠴᠠᠭ ᠠᠴᠠ ᠬᠡᠲᠦᠷᠡᠭᠦᠯᠵᠦ ᠪᠣᠯᠬᠤ ᠥᠬᠡᠶ᠃ ᠡᠯᠧᠺᠲᠷᠣᠨ | ᠳᠡᠯᠭᠡᠴᠡ ᠪᠠᠷ | ᠰᠤᠷᠤᠯᠴᠠᠬᠤ ᠳᠤ᠂ ᠳᠡᠯᠭᠡᠴᠡ ᠶᠢᠨ ᠭᠤᠤᠯ ᠪᠠᠶᠢᠷᠢ ᠨᠢ ᠨᠢᠳᠦᠨ ᠤ ᠬᠠᠷᠠᠭᠠᠨ ᠱᠤᠭᠤᠮ ᠠᠴᠠ ᠳᠣᠣᠷ᠎ᠠ 10 ᠰᠠᠨᠲ᠋ᠢᠮᠧᠲᠷ ᠤᠨ ᠣᠷᠴᠢᠮ ᠪᠠᠶᠢᠵᠤ᠂ 30 - | 40 ᠮᠢᠨᠦ᠋ᠲ ᠦᠵᠡᠭᠰᠡᠨ ᠤ ᠳᠠᠷᠠᠭ᠎ᠠ᠂ ᠬᠤᠯᠠ ᠶᠢ ᠬᠠᠷᠠᠵᠤ 10 ᠮᠢᠨᠦ᠋ᠲ ᠨᠢᠳᠦ ᠪᠠᠨ ᠠᠮᠠᠷᠠᠭᠤᠯᠪᠠᠯ ᠵᠣᠬᠢᠨ᠎ᠠ᠃ | | | |