ᠬᠤᠷᠢᠨᠭᠡᠷ ᠰᠢᠶᠠᠨ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/11
9.11部门 和林格尔县召开2024年度城乡居民基本医疗保险费征缴动员会.jpg
      9 ᠰᠠᠷ᠎ᠠ ᠶᠢᠨ 8 ᠤ ᠡᠳᠦᠷ᠂ ᠬᠤᠷᠢᠨᠭᠡᠷ ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠢᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠤᠷᠢᠨᠭᠡᠷ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ᠂ ᠬᠤᠷᠢᠨᠭᠡᠷ ᠰᠢᠶᠠᠨ ᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠲᠠᠳ ᠬᠤᠷᠠᠯ ᠳᠤ ᠣᠷᠣᠯᠴᠠᠵᠠᠶ᠃      ᠬᠤᠷᠠᠯ ᠠᠴᠠ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠂ ᠮᠥᠨᠴᠦ ᠤᠯᠠᠨ ᠲᠦᠮᠡᠨ ᠤ ᠠᠩᠬᠠᠷᠴᠤ ᠪᠠᠶᠢᠭ᠎ᠠ᠂ ᠨᠡᠶᠢᠭᠡᠮ ᠤᠨ ᠠᠩᠬᠠᠷᠴᠤ ᠪᠠᠶᠢᠭ᠎ᠠ᠂ ᠠᠯᠤᠰ ᠬᠡᠳᠤ ᠶᠢᠨ ᠨᠥᠯᠥᠭᠡ ᠲᠠᠢ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠤᠨ᠎ᠠ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠤᠯᠤᠰ ᠲᠦᠷᠦ ᠶᠢ ᠡᠷᠬᠢᠮᠯᠡᠬᠦ᠂ ᠠᠷᠠᠳ ᠤᠨ ᠠᠮᠢᠳᠤᠷᠠᠯ ᠢ ᠪᠠᠲᠤᠯᠠᠬᠤ ᠦᠨᠳᠦᠷᠴᠡ ᠠᠴᠠ ᠰᠠᠭᠤᠭᠠᠯᠢ ᠠᠷᠠᠳ ᠤᠨ ᠰᠦᠢᠳᠬᠡᠯ ᠲᠤᠰᠢᠶᠠᠵᠤ ᠳᠠᠭᠠᠳᠬᠠᠯ ᠳᠤ ᠣᠷᠣᠯᠴᠠᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠠᠭᠤᠭᠠᠯᠢ ᠠᠷᠠᠳ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠠᠵᠢᠯ ᠤᠨ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠦᠨᠡᠨ ᠬᠦ ᠨᠡᠮᠡᠭᠳᠡᠭᠦᠯᠬᠦ ᠬᠡᠷᠡᠭᠲᠡᠶ ᠭᠡᠵᠦ ᠵᠢᠭᠠᠨ ᠭᠠᠷᠭᠠᠪᠠ᠃      ᠬᠤᠷᠠᠯ ᠠᠴᠠ ᠱᠠᠭᠠᠷᠳᠠᠭᠰᠠᠨ ᠨᠢ᠂ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠨ᠂ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢᠨ ᠪᠠᠶᠢᠭᠤᠯᠤᠯᠲᠠ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠦᠢᠯᠡᠴᠢᠯᠡᠭᠡ ᠶᠢ ᠰᠢᠯᠢᠳᠡᠭᠵᠢᠭᠦᠯᠬᠦ᠂ ᠡᠯᠧᠺᠲᠷᠣᠨ ᠡᠮ ᠡᠮᠨᠡᠯᠭᠡ ᠶᠢᠨ ᠳᠠᠭᠠᠳᠬᠠᠯ ᠤᠨ ᠭᠡᠷᠡᠴᠢ ᠪᠠᠷᠢᠮᠲᠠ ᠶᠢᠨ ᠠᠮᠢᠯᠠᠭᠤᠯᠬᠤ ᠨᠣᠷᠮ᠎ᠠ ᠶᠢ ᠳᠡᠭᠡᠭᠰᠢᠯᠡᠭᠦᠯᠬᠦ ᠵᠡᠷᠭᠡ ᠠᠵᠢᠯ ᠢ ᠰᠠᠶᠢᠲᠤᠷ ᠠᠳᠬᠤᠵᠤ᠂ ᠪᠣᠳᠠᠲᠠᠶ ᠶᠢ ᠡᠷᠬᠢᠮᠯᠡᠬᠦ ᠰᠤᠷᠲᠠᠯ᠂ ᠬᠦᠴᠦᠲᠡᠶ ᠠᠷᠭ᠎ᠠ ᠬᠡᠮᠵᠢᠶ᠎ᠡ ᠪᠠᠷ ᠮᠠᠨ ᠤ ᠰᠢᠶᠠᠨ ᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠠᠵᠢᠯ ᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ ᠭᠡᠪᠡ᠃      ᠬᠤᠷᠠᠯ ᠳᠡᠭᠡᠷ᠎ᠡ᠂ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠡᠮ ᠡᠮᠨᠡᠯᠭᠡ ᠶᠢᠨ ᠳᠠᠭᠠᠳᠬᠠᠯ ᠤᠨ ᠰᠦᠯᠵᠢᠶᠡᠨ ᠳᠡᠭᠡᠷᠡᠬᠢ ᠲᠠᠲᠠᠪᠤᠷᠢᠯᠠᠨ ᠲᠤᠰᠢᠶᠠᠬᠤ ᠶᠠᠪᠤᠴᠠ ᠪᠠ ᠰᠦᠯᠵᠢᠶᠡᠨ ᠭᠠᠳᠠᠨᠠᠬᠢ ᠲᠠᠲᠠᠪᠤᠷᠢᠯᠠᠨ ᠲᠤᠰᠢᠶᠠᠬᠤ ᠦᠢᠯᠡᠴᠢᠯᠡᠭᠡᠨ ᠤ ᠳᠤᠮᠳᠠᠬᠢ ᠠᠩᠬᠠᠷᠬᠤ ᠴᠢᠬᠤᠯᠠᠲᠠᠶ ᠵᠦᠢᠯᠡᠰ ᠤᠨ ᠲᠤᠬᠠᠶ ᠨᠠᠷᠢᠨ ᠲᠠᠶᠢᠯᠤᠮᠵᠢ ᠬᠢᠪᠠ᠃ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠥᠪ ᠤᠨ ᠡᠷᠬᠢᠯᠡᠭᠴᠢ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠶ᠋ᠳᠬᠡᠯ ᠲᠤᠰᠢᠶᠠᠬᠤ ᠪᠠᠷᠢᠮᠵᠢᠶ᠎ᠠ᠂ ᠬᠦᠴᠢᠷᠳᠡᠯᠲᠡᠶ ᠬᠥᠮᠦᠰ ᠢ ᠲᠥᠷᠥᠯ ᠬᠤᠪᠢᠶᠠᠨ ᠲᠤᠰᠠᠯᠠᠬᠤ ᠪᠠᠷᠢᠮᠵᠢᠶ᠎ᠠ ᠵᠡᠷᠭᠡ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠭᠰᠠᠨ ᠪᠥᠭᠡᠳ ᠬᠤᠷᠠᠯ ᠳᠤ ᠣᠷᠣᠯᠴᠠᠭᠰᠠᠳ ᠤᠨ ᠳᠤᠷᠠᠳᠤᠭᠰᠠᠨ ᠠᠰᠠᠭᠤᠳᠠᠯ ᠤᠨ ᠲᠤᠬᠠᠶ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠴᠡᠶ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ