︵ᠰᠤᠷᠪᠤᠯᠵᠢᠯᠠᠭᠴᠢ ᠶᠦᠨ ᠶᠠᠨ ᠹᠠᠩ︶ 9 ᠳ᠋ᠤᠭᠡᠷ ᠰᠠᠷ᠎ᠠ ᠶᠢᠨ 8 ᠤ ᠡᠳᠦᠷ᠂ ᠬᠤᠷᠢᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠤᠯᠠᠨ ᠤᠯᠤᠰ ᠤᠨ ᠪᠡᠯᠡ ᠣᠷᠣᠭᠤᠯᠤᠯᠲᠠ ᠠᠷᠠᠯᠵᠢᠶᠠᠨ ᠤ ᠵᠥᠪᠳᠡᠨ ᠶᠠᠷᠢᠯᠴᠠᠬᠤ ᠬᠤᠷᠠᠯ ︵ᠳᠣᠷᠣᠭᠰᠢ ᠪᠡᠯᠡ ᠣᠷᠣᠭᠤᠯᠤᠯᠲᠠ ᠶᠢᠨ ᠵᠥᠪᠳᠡᠨ ᠶᠠᠷᠢᠯᠴᠠᠬᠤ | ᠬᠤᠷᠠᠯ ᠭᠡᠵᠦ ᠳᠥᠭᠦᠮᠴᠢᠯᠡᠨ᠎ᠡ︶ ᠹᠦᠵᠢᠶᠠᠨ ᠤ ᠰᠢᠶᠠᠮᠧᠨ ᠳᠤ ᠡᠬᠢᠯᠡᠵᠦ᠂ ᠬᠥᠬᠡᠬᠤᠲᠠ ︽ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠬᠠᠯᠠᠮᠰᠢᠯ | ᠬᠤᠳᠠ︾ ᠶᠢᠨ ᠴᠣᠯᠠ ᠬᠦᠷᠳᠡᠪᠡ᠃ | ᠪᠡᠯᠡ ᠣᠷᠣᠭᠤᠯᠤᠯᠲᠠ ᠶᠢᠨ ᠵᠥᠪᠳᠡᠨ ᠶᠠᠷᠢᠯᠴᠠᠬᠤ ᠬᠤᠷᠠᠯ ᠢ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠭᠤᠣᠯᠯᠠᠨ ᠡᠷᠬᠢᠯᠡᠵᠦ᠂ ᠪᠦᠬᠦ | ᠳᠡᠯᠡᠬᠡᠢ ᠶᠢᠨ ᠬᠠᠮᠤᠭ ᠤᠨ ᠶᠡᠭᠡ ᠨᠥᠯᠥᠭᠡᠯᠡᠬᠦ ᠬᠦᠴᠦᠨ ᠲᠠᠢ ᠤᠯᠠᠨ ᠤᠯᠤᠰ ᠤᠨ ᠪᠡᠯᠡ ᠣᠷᠣᠭᠤᠯᠤᠯᠲᠠ ᠶᠢᠨ ᠦᠪᠡᠳᠡᠭᠰᠢ ᠴᠤᠭᠯᠠᠭᠠᠨ ᠤ ᠨᠢᠭᠡ ᠪᠣᠯᠣᠨ᠎ᠠ᠃ | ᠪᠡᠯᠡ ᠣᠷᠣᠭᠤᠯᠤᠯᠲᠠ ᠶᠢᠨ ᠵᠥᠪᠳᠡᠨ ᠶᠠᠷᠢᠯᠴᠠᠬᠤ ᠬᠤᠷᠠᠯ ᠨᠢ ᠬᠤᠣᠰ ᠴᠢᠭᠯᠡᠯ ᠤᠨ ᠪᠡᠯᠡ ᠣᠷᠣᠭᠤᠯᠤᠯᠲᠠ ᠶᠢ ᠠᠬᠢᠭᠤᠯᠬᠤ᠂ ᠡᠷᠬᠡ ᠰᠦᠷᠲᠦ ᠮᠡᠳᠡᠭᠡ | ᠵᠠᠩᠭᠢ ᠶᠢ ᠨᠡᠶᠢᠲᠡᠯᠡᠬᠦ ᠪᠠ ᠪᠡᠯᠡ ᠣᠷᠣᠭᠤᠯᠤᠯᠲᠠ ᠶᠢᠨ ᠬᠠᠨᠳᠤᠰᠢ ᠶᠢ ᠰᠤᠳᠤᠯᠤᠨ ᠶᠠᠷᠢᠯᠴᠠᠬᠤ ᠭᠤᠷᠪᠠᠨ ᠶᠡᠭᠡ ᠲᠠᠪᠴᠠᠩ ᠢ ᠪᠠᠶᠢᠭᠤᠯᠬᠤ ᠪᠠᠷ ᠴᠢᠷᠮᠠᠶᠢᠵᠤ᠂ | ᠲᠤᠰ ᠬᠤᠭᠤᠴᠠᠭᠠᠨ ᠤ ᠪᠡᠯᠡ ᠣᠷᠣᠭᠤᠯᠤᠯᠲᠠ ᠶᠢᠨ ᠵᠥᠪᠳᠡᠨ ᠶᠠᠷᠢᠯᠴᠠᠬᠤ ᠬᠤᠷᠠᠯ ᠳᠤ 100 ᠰᠢᠬᠠᠮ ᠤᠯᠤᠰ ᠪᠠ ᠭᠠᠵᠠᠷ ᠣᠷᠣᠨ᠂ 1000 ᠰᠢᠬᠠᠮ | ᠬᠤᠳᠠᠯᠳᠤᠭᠠᠴᠢᠨ ᠤ ᠪᠦᠯᠬᠦᠮ ᠳᠤᠭᠤᠶᠢᠯᠠᠩ᠂ 8 ᠲᠦᠮᠡ ᠰᠢᠬᠠᠮ ᠬᠤᠳᠠᠯᠳᠤᠭᠠᠴᠢᠨ ᠣᠷᠣᠯᠴᠠᠪᠠ᠃ ︽ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ | ᠬᠠᠯᠠᠮᠰᠢᠯ ᠬᠤᠳᠠ︾ ᠪᠣᠯ 2023 ᠣᠨ ᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠤ ︽ᠪᠡᠯᠡ ᠣᠷᠣᠭᠤᠯᠤᠯᠲᠠ ᠶᠢᠨ ᠳᠤᠮᠳᠠᠳᠤ ᠶᠢᠨ ᠣᠨ︾ | ᠤ ᠰᠢᠷᠢᠰ ᠠᠵᠢᠯᠯᠠᠭ᠎ᠠ ᠶᠢᠨ ᠨᠢᠭᠡ ᠪᠣᠯᠣᠨ᠎ᠠ᠂ ᠲᠤᠰ ᠬᠤᠭᠤᠴᠠᠭᠠᠨ ᠤ ᠪᠡᠯᠡ ᠣᠷᠣᠭᠤᠯᠤᠯᠲᠠ ᠶᠢᠨ ᠵᠥᠪᠳᠡᠨ ᠶᠠᠷᠢᠯᠴᠠᠬᠤ ᠬᠤᠷᠠᠯ ᠠᠴᠠ ︽ᠳᠤᠮᠳᠠᠳᠤ | ᠤᠯᠤᠰ ᠤᠨ ᠪᠡᠯᠡ ᠣᠷᠣᠭᠤᠯᠤᠯᠲᠠ ᠶᠢᠨ ᠬᠠᠯᠠᠮᠰᠢᠯ ᠬᠤᠳᠠ︾ ᠶᠢ ᠨᠡᠶᠢᠳᠡ 18 ᠶᠢ ᠰᠢᠯᠭᠠᠷᠠᠭᠤᠯᠤᠨ ᠤᠬᠠᠭᠤᠯᠤᠨ ᠲᠠᠨᠢᠯᠴᠠᠭᠤᠯᠵᠤ᠂ ᠡᠯ᠎ᠡ ᠭᠠᠵᠠᠷ ᠢ | ᠬᠠᠪᠰᠤᠷᠤᠨ ᠬᠤᠳᠠ ᠶᠢᠨ ᠳᠦᠷᠢ ᠲᠥᠷᠬᠦ᠂ ᠬᠥᠭᠵᠢᠯᠲᠡ ᠶᠢᠨ ᠳᠠᠯᠳᠠ ᠴᠢᠳᠠᠪᠤᠷᠢ ᠪᠣᠯᠣᠨ ᠪᠡᠯᠡ ᠣᠷᠣᠭᠤᠯᠤᠯᠲᠠ ᠶᠢᠨ ᠠᠵᠠ ᠲᠣᠬᠢᠶᠠᠯ ᠢ ᠭᠦᠢᠴᠡᠳ | ᠬᠠᠷᠠᠭᠤᠯᠵᠤ᠂ ᠡᠯ᠎ᠡ ᠪᠡᠯᠡ ᠣᠷᠣᠭᠤᠯᠤᠯᠲᠠ ᠶᠢᠨ ᠬᠠᠯᠠᠮᠰᠢᠯ ᠬᠤᠳᠠ ᠶᠢᠨ ᠲᠦᠷᠦᠯ ᠲᠡᠮᠳᠡᠭᠲᠦ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠳᠤ ᠬᠦᠴᠦᠨ | ᠨᠡᠮᠡᠷᠢᠯᠡᠵᠡᠢ᠃ | ᠪᠡᠯᠡ ᠣᠷᠣᠭᠤᠯᠤᠯᠲᠠ ᠶᠢᠨ ᠵᠥᠪᠳᠡᠨ ᠶᠠᠷᠢᠯᠴᠠᠬᠤ ᠬᠤᠷᠠᠯ ᠤᠨ ᠬᠤᠭᠤᠴᠠᠭᠠᠨ ᠳᠤ᠂ ᠮᠠᠨ ᠤ ᠬᠤᠲᠠ ᠪᠡᠯᠡ ᠣᠷᠣᠭᠤᠯᠤᠯᠲᠠ ᠶᠢᠨ ᠬᠠᠯᠠᠮᠰᠢᠯ | ᠬᠤᠲᠠ ᠶᠢᠨ ᠦᠵᠡᠭᠦᠯᠦᠯᠭᠡ ᠶᠢᠨ ᠲᠣᠭᠤᠷᠢᠭ ᠲᠤ 90 ᠲᠡᠭᠰᠢ ᠳᠥᠷᠪᠡᠯᠵᠢᠨ ᠮᠧᠲᠷ ᠤᠨ ᠣᠨᠴᠠ ᠴᠢᠮᠡᠭᠰᠡᠨ ᠦᠵᠡᠭᠦᠯᠦᠯᠭᠡ ᠶᠢᠨ ᠲᠣᠭᠤᠷᠢᠭ ᠭᠠᠷᠭᠠᠵᠤ᠂ | ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ᠂ ᠪᠡᠯᠡ ᠣᠷᠣᠭᠤᠯᠤᠯᠲᠠ ᠶᠢᠨ ᠣᠷᠴᠢᠨ ᠨᠦᠬᠦᠴᠡᠯ ᠪᠠ ᠠᠵᠤ | ᠦᠢᠯᠡᠰ ᠤᠨ ᠡᠬᠢ ᠪᠠᠶᠠᠯᠢᠭ ᠤᠨ ᠳᠠᠪᠠᠭᠤᠯᠢᠭ ᠵᠢᠴᠢ ᠬᠥᠭᠵᠢᠯᠲᠡ ᠶᠢᠨ ᠳᠠᠯᠳᠠ ᠬᠦᠴᠦᠨ ᠢ ᠳᠡᠯᠭᠡᠨ ᠦᠵᠡᠭᠦᠯᠵᠡᠢ᠃ ︽ᠦᠵᠡᠰᠬᠦᠯᠡᠩᠲᠦ ᠰᠠᠶᠢᠬᠠᠨ ᠬᠥᠬᠡ | ᠬᠤᠲᠠ ᠥᠨᠢᠷ ᠪᠠᠶᠠᠯᠢᠭ ᠲᠠᠯ᠎ᠠ ᠶᠢᠨ ᠬᠤᠲᠠ︾ ᠪᠠᠷ ᠭᠤᠣᠯ ᠰᠡᠳᠦᠪ ᠪᠣᠯᠭᠠᠵᠤ᠂ ᠮᠠᠨ ᠤ ᠬᠤᠲᠠ ᠶᠢᠨ ︽ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ︾ | ᠤᠨ ᠬᠥᠭᠵᠢᠯᠲᠡ ᠶᠢᠨ ᠠᠮᠵᠢᠯᠲᠠ ᠪᠦᠲᠦᠮᠵᠢ᠂ ᠠᠵᠤ ᠦᠢᠯᠡᠰ ᠤᠨ ᠬᠡᠯᠬᠢᠶ᠎ᠡ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ ᠣᠨᠴᠠᠯᠢᠭᠲᠤ ᠦᠢᠯᠡᠳᠬᠦᠨ᠂ | ᠬᠤᠲᠠ ᠶᠢᠨ ᠵᠠᠮ ᠬᠠᠷᠢᠯᠴᠠᠭᠠᠨ ᠤ ᠲᠣᠣᠷ᠂ ᠪᠠᠷᠠᠭᠠᠨ ᠤ ᠭᠦᠢᠯᠭᠡᠭᠡᠨ ᠤ ᠬᠦᠢᠰᠦ᠂ ᠰᠣᠶᠣᠯ ᠵᠢᠭᠤᠯᠴᠢᠯᠠᠯ ᠵᠡᠷᠭᠡ ᠣᠷᠣᠨ ᠪᠠᠶᠢᠷᠢ ᠶᠢᠨ ᠳᠠᠪᠠᠭᠤᠯᠢᠭ ᠪᠠ | ᠭᠠᠳᠠᠭᠰᠢ ᠨᠡᠭᠡᠭᠡᠯᠲᠡ ᠬᠢᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠠᠪᠠᠭᠤᠯᠢᠭ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠪᠡᠯᠡ | ᠣᠷᠣᠭᠤᠯᠤᠯᠲᠠ ᠶᠢᠨ ᠵᠥᠪᠳᠡᠨ ᠶᠠᠷᠢᠯᠴᠠᠬᠤ ᠬᠤᠷᠠᠯ ᠢ ᠠᠰᠢᠭᠯᠠᠨ ᠮᠠᠨ ᠤ ᠬᠤᠲᠠ ᠶᠢᠨ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠶᠢᠨ ᠨᠥᠯᠥᠭᠡᠯᠡᠬᠦ | ᠬᠦᠴᠦᠨ ᠢ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠥᠬᠡᠬᠤᠲᠠ ᠶᠢ ᠪᠥᠬᠦ ᠲᠠᠯ᠎ᠠ ᠪᠠᠷ | ᠣᠶᠢᠯᠠᠭᠠᠬᠤ ᠲᠣᠬᠢᠶᠠᠯ ᠣᠯᠭᠤᠵᠤ᠂ ᠮᠥᠨ ᠴᠦ ᠮᠠᠨ ᠤ ᠬᠤᠲᠠ ᠶᠢᠨ ᠠᠵᠤ ᠠᠬᠤᠶᠢᠯᠠᠯ ᠬᠢᠭᠡᠳ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ | ᠠᠬᠤᠶᠢᠯᠠᠯ ᠤᠨ ᠤᠯᠠᠮ ᠨᠢᠭᠡ ᠠᠯᠬᠤᠮ ᠬᠠᠮᠲᠤᠷᠠᠯᠴᠠᠬᠤ ᠳᠤ ᠰᠣᠯᠢᠯᠴᠠᠭᠠᠨ ᠤ ᠲᠠᠪᠴᠠᠩ ᠬᠠᠩᠭᠠᠵᠠᠢ᠃ |