| | | 9 ᠳ᠋ᠦ᠋ᠭᠡᠷ ᠰᠠᠷ᠎ᠠ ᠶᠢᠨ 6 ᠤ ᠡᠳᠦᠷ᠂ ᠠᠩᠬᠠᠳᠤᠭᠠᠷ ᠬᠤᠭᠤᠴᠠᠭᠠᠨ ᠤ ᠬᠥᠬᠡᠬᠤᠲᠠ ᠶᠢᠨ ᠡᠯᠧᠺᠲᠷᠣᠨ | ᠬᠤᠳᠠᠯᠳᠤᠭᠠᠨ ᠤ ᠦᠵᠡᠰᠬᠦᠯᠡᠩ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ᠃ ᠲᠣᠰ | ᠬᠤᠭᠤᠴᠠᠭᠠᠨ ᠤ ᠡᠯᠧᠺᠲᠷᠣᠨ ᠬᠤᠳᠠᠯᠳᠤᠭᠠᠨ ᠤ ᠦᠵᠡᠰᠬᠦᠯᠡᠩ ᠢ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ | ᠠᠬᠢᠭᠤᠯᠬᠤ ᠬᠤᠷᠠᠯ᠂ ᠬᠤᠲᠠ ᠶᠢᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠬᠤᠲᠠ ᠶᠢᠨ ᠠᠷᠠᠯᠵᠢᠶ᠎ᠠ ᠶᠢ | ᠠᠬᠢᠭᠤᠯᠬᠤ ᠬᠤᠷᠠᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠳᠠᠭᠠᠭᠠᠨ ᠡᠷᠭᠢᠯᠡᠵᠦ᠂ ︽ | ᠡᠯᠧᠺᠲᠷᠣᠨ ᠬᠤᠳᠠᠯᠳᠤᠭᠠᠨ ᠤ ᠬᠥᠭᠵᠢᠯᠲᠡ ᠪᠠᠷ ᠰᠢᠨ᠎ᠡ ᠪᠠᠶᠢᠷᠢᠰᠢᠯ ᠢ ᠬᠥᠲᠥᠯᠥᠨ ᠳᠠᠭᠠᠭᠤᠯᠬᠤ · ᠲᠤᠭᠠᠴᠢᠯᠠᠯᠲᠠ | ᠯᠤᠭ᠎ᠠ ᠶᠢᠨ ᠤᠶᠠᠯᠳᠤᠯ ᠢᠶᠠᠷ ᠰᠢᠨ᠎ᠡ ᠦᠷ᠎ᠡ ᠪᠦᠲᠦᠭᠡᠯ ᠢ ᠡᠭᠦᠳᠬᠦ︾ ᠪᠠᠷ ᠭᠤᠣᠯ ᠰᠡᠳᠦᠪ ᠪᠣᠯᠭᠠᠪᠠ᠃ ᠡᠯᠧᠺᠲᠷᠣᠨ | ᠬᠤᠳᠠᠯᠳᠤᠭᠠᠨ ᠤ ᠦᠵᠡᠰᠬᠦᠯᠡᠩ ᠨᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠶᠢ ᠤᠶᠠᠯᠳᠤᠭᠤᠯᠬᠤ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠡᠯᠧᠺᠲᠷᠣᠨ ᠬᠤᠳᠠᠯᠳᠤᠭᠠᠨ ᠤ ᠠᠵᠢᠯ ᠡᠷᠬᠢᠯᠡᠭᠴᠢᠳ ᠪᠠ ᠬᠠᠩᠭᠠᠯᠭ᠎ᠠ ᠶᠢᠨ ᠬᠡᠯᠬᠢᠶᠡᠨ ᠤ | ᠬᠤᠳᠠᠯᠳᠤᠭᠠᠴᠢᠳ ᠲᠤ ︽ᠨᠢᠭᠤᠷᠲᠠᠨ ᠬᠠᠨᠳᠤᠬᠤ︾ ᠪᠠᠷᠠᠭ᠎ᠠ ᠰᠣᠩᠭᠤᠬᠤ ᠲᠠᠪᠴᠠᠩ ᠪᠠᠶᠢᠭᠤᠯᠵᠤ ᠥᠭᠭᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠡᠯᠧᠺᠲᠷᠣᠨ ᠬᠤᠳᠠᠯᠳᠤᠭᠠᠨ ᠤ ᠦᠵᠡᠰᠬᠦᠯᠡᠩ ᠤᠨ ᠲᠠᠯᠠᠪᠠᠶ ᠨᠢ | 500 ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ 51 ᠠᠵᠤ ᠠᠬᠤᠶᠢᠯᠠᠯ ᠴᠤᠭᠯᠠᠷᠠᠵᠤ᠂ ᠬᠥᠬᠡᠬᠤᠲᠠ ᠶᠢᠨ | ᠲᠦᠷᠦᠯ ᠲᠡᠮᠳᠡᠭᠲᠦ ᠠᠵᠤ ᠠᠬᠤᠶᠢᠯᠠᠯ ᠤᠨ ᠦᠵᠡᠰᠬᠦᠯᠡᠩ ᠤᠨ ᠲᠣᠭᠤᠷᠢᠭ᠂ ᠡᠯᠧᠺᠲᠷᠣᠨ ᠬᠤᠳᠠᠯᠳᠤᠭᠠᠨ ᠤ ᠦᠢᠯᠡᠳᠬᠦᠨ | ᠰᠣᠩᠭᠤᠬᠤ ᠲᠣᠭᠤᠷᠢᠭ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠲᠣᠭᠤᠷᠢᠭ ᠵᠢᠴᠢ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠲᠣᠭᠤᠷᠢᠭ ᠭᠡᠵᠦ ᠳᠦᠷᠪᠡᠨ ᠦᠵᠡᠰᠬᠦᠯᠡᠩ ᠤᠨ ᠲᠣᠭᠤᠷᠢᠭ ᠭᠠᠷᠭᠠᠵᠠᠢ᠃ ᠳᠠᠳᠤᠯᠭ᠎ᠠ ᠶᠢᠨ | ᠰᠤᠷᠪᠤᠯᠵᠢᠯᠠᠭᠴᠢ ᠷᠥᠸᠧ ᠬᠦ᠋ ᠰᠡᠭᠦᠳᠡᠷᠯᠡᠪᠡ |