ᠮᠠᠨ ᠤ ᠬᠤᠲᠠ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/9/12
      ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠶᠢᠨ ᠵᠢᠯ ᠳᠤ᠂ ᠮᠠᠨ ᠤ ᠬᠤᠲᠠ ︽ᠰᠢᠷᠬᠡᠭ ᠡᠪᠡᠰᠦ ᠠᠴᠠ ᠴᠣᠮᠣ ᠰᠦ ᠬᠦᠷᠲᠡᠯᠡᠬᠢ︾ ᠰᠢᠨ᠎ᠡ ᠶᠢ ᠡᠭᠦᠳᠬᠦ ᠬᠡᠯᠬᠢᠶ᠎ᠡ ᠪᠠ ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠯ᠂ ᠲᠡᠷᠢᠭᠦᠨ ᠤ ᠦᠢᠯᠡᠳᠬᠦ ᠦᠢᠯᠡᠰ ᠪᠠ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠭᠤᠰᠤᠯᠴᠠᠯ ᠢ ᠭᠦᠨᠵᠡᠭᠡᠢ ᠠᠬᠢᠭᠤᠯᠵᠤ᠂ ᠤᠯᠤᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠤᠨ᠂ ᠰᠦ ᠶᠢᠨ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠨᠢᠭᠡ ᠬᠥᠨᠳᠡᠢ ᠨᠢᠭᠡ ᠬᠦᠷᠢᠶᠡᠯᠡᠩ ᠨᠢᠭᠡ ᠰᠠᠭᠤᠷᠢᠨ ᠭᠠᠵᠠᠷ︾ ︵ᠢᠯᠢ ᠡᠷᠡᠭᠦᠯ ᠮᠡᠨᠳᠦ ᠶᠢᠨ ᠬᠥᠨᠳᠡᠢ᠂ ᠮᠧᠩ ᠨᠢᠦ ᠠᠵᠤ ᠦᠢᠯᠡᠰ ᠤᠨ ᠬᠦᠷᠢᠶᠡᠯᠡᠩ᠂ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ︶ ᠢ ᠦᠷᠭᠦᠯᠵᠢᠯᠡᠨ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠴᠢᠳᠠᠪᠤᠷᠢ ᠶᠢᠨ ᠳᠡᠰ ᠢ ᠳᠡᠭᠡᠭᠰᠢᠯᠡᠭᠦᠯᠵᠦ᠂ ᠪᠦᠲᠦᠴᠡ ᠶᠢ ᠰᠢᠯᠢᠳᠡᠭᠵᠢᠬᠦᠯᠵᠦ᠂ ᠠᠮᠢ ᠠᠬᠤᠢ ᠶᠢ ᠪᠣᠶᠢᠵᠢᠭᠤᠯᠤᠨ᠂ ᠰᠢᠨ᠎ᠡ ᠶᠢ ᠡᠭᠦᠳᠬᠦ ᠶᠢᠨ ᠳᠠᠶᠢᠴᠢᠯᠠᠬᠤ ᠬᠦᠴᠦᠨ ᠪᠠ ᠠᠵᠤ ᠦᠢᠯᠡᠰ ᠤᠨ ᠲᠤᠯᠭᠠᠭᠤᠷᠢᠯᠠᠬᠤ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠬᠠᠨᠳᠤᠰᠢ︾  ᠪᠠᠶᠢᠭᠰᠠᠨ ᠠᠴᠠ ︽ᠴᠢᠳᠠᠪᠤᠷᠢ︾ ᠪᠣᠯᠵᠤ ᠬᠤᠪᠢᠷᠠᠬᠤ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠳᠡ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃      ᠡᠨᠡ ᠵᠢᠯ᠂ ᠮᠠᠨ ᠤ ᠬᠤᠲᠠ ᠶᠢᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠳᠤ 94 ᠭᠤᠣᠯᠳᠠᠯᠭ᠎ᠠ ᠲᠠᠢ ᠲᠥᠷᠥᠯ ᠵᠦᠢᠯ ︵ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢ 66︶ ᠢ ᠬᠡᠷᠡᠭᠵᠢᠭᠦᠯᠵᠦ᠂ ᠡᠭᠦᠨ ᠳᠤ 43 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ 51 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 370 ᠳ᠋ᠦᠩᠰᠢᠭᠤᠷ ᠲᠥᠭᠦᠷᠢᠭ ᠪᠠᠶᠢᠵᠤ᠂ ᠲᠣᠰ ᠵᠢᠯ ᠳᠤ 107 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠨᠢᠭᠡᠨᠲᠡ 65 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠣᠳᠣ ᠪᠣᠯᠬᠤ ᠳᠤ᠂ ᠨᠢᠭᠡᠨᠲᠡ ᠪᠦᠬᠦᠨ ᠢ ᠪᠠᠷᠢᠯᠭ᠎ᠠ ᠡᠬᠢᠯᠡᠭᠦᠯᠪᠡ᠃ ᠢᠯᠢ ᠶᠢᠨ 5G ᠶᠢᠨ ᠪᠥᠬᠦ ᠠᠵᠤ ᠦᠢᠯᠡᠰ ᠤᠨ ᠬᠡᠯᠬᠢᠶᠡᠨ ᠤ ᠣᠶᠤᠨᠴᠢ ᠠᠮᠢ ᠠᠬᠤᠢ ᠶᠢᠨ ᠳᠡᠭᠡᠳᠦ ᠲᠠᠰ ᠤᠨ ᠪᠢᠰᠢᠯᠠᠭ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠥᠷᠥᠯ ᠵᠦᠢᠯ ᠨᠡᠶᠢᠲᠡ 20 ᠦᠢᠯᠡᠳᠪᠦᠷᠢᠯᠡᠯ ᠤᠨ ᠱᠤᠭᠤᠮ ᠲᠠᠢ︔ ᠴᠡᠯᠡᠭᠡᠷ ᠲᠠᠯ᠎ᠠ ᠶᠢᠨ ᠠᠮᠢ ᠠᠬᠤᠢ ᠶᠢᠨ ᠣᠶᠤᠨᠲᠤ ᠮᠠᠯᠵᠢᠯ ᠤᠨ ᠲᠠᠯᠠᠪᠠᠢ  ᠨᠢ 1.2 ᠲᠦᠮᠡᠨ ᠦᠨᠢᠶ᠎ᠡ ᠲᠡᠵᠢᠭᠡᠬᠦ ᠪᠠᠷ ᠲᠥᠯᠥᠪᠵᠢᠭᠦᠯᠵᠦ᠂ ᠪᠦᠬᠦ ᠳᠡᠯᠡᠬᠡᠢ ᠶᠢᠨ ᠣᠶᠤᠨᠴᠢᠯᠠᠭᠰᠠᠨ ᠬᠡᠮᠵᠢᠶ᠎ᠡ ᠪᠠᠷ ᠬᠠᠮᠤᠭ ᠤᠨ ᠥᠨᠳᠥᠷ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠣᠭᠤᠷᠢᠨ ᠦᠵᠡᠬᠦ ᠮᠠᠯᠵᠢᠯ ᠤᠨ ᠲᠠᠯᠠᠪᠠᠢ ᠪᠣᠯᠣᠨ᠎ᠠ︔ ᠮᠧᠩ ᠼᠣᠣ ᠶᠢᠨ ᠴᠠᠷᠭᠠᠰᠤ ᠶᠢᠨ ᠰᠠᠶᠢᠨ ᠡᠭᠦᠯᠳᠡᠷ ᠢ ᠪᠣᠶᠢᠵᠢᠭᠤᠯᠬᠤ ᠰᠠᠭᠤᠷᠢᠨ ᠭᠠᠵᠠᠷ ᠪᠣᠯ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ︽ᠴᠢᠨᠠᠷ ᠰᠠᠶᠢᠲᠠᠢ ᠴᠠᠷᠭᠠᠰᠤ ᠶᠢᠨ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ ᠵᠢᠴᠢ ᠠᠵᠤ ᠦᠢᠯᠡᠰᠵᠢᠭᠦᠯᠬᠦ ᠵᠢᠱᠢᠶ᠎ᠡ ᠦᠵᠡᠭᠦᠯᠬᠦ︾ ᠰᠠᠶᠢᠨ ᠡᠭᠦᠯᠳᠡᠷ ᠢ ᠪᠣᠶᠢᠵᠢᠭᠤᠯᠬᠤ ᠪᠠ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠣᠨ᠎ᠠ︔ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ 8 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠣᠭᠤᠯᠵᠤ᠂ ︽ᠳᠥᠷᠪᠡᠨ ᠲᠥᠪ ᠭᠤᠷᠪᠠᠨ ᠲᠠᠪᠴᠠᠩ︾ ᠤᠨ ᠪᠦᠲᠦᠴᠡ ᠶᠢ ᠪᠠᠶᠢᠭᠤᠯᠵᠤ᠂ ᠴᠠᠭᠠᠨ ᠢᠳᠡᠭᠡᠨ ᠤ ᠠᠮᠤᠷ ᠲᠦᠪᠰᠢᠨ ᠪᠠ ᠶᠠᠰᠤ ᠴᠢᠨᠠᠷ ᠤᠨ ᠰᠤᠳᠤᠯᠭᠠᠨ ᠤ ᠲᠥᠪ᠂ ᠰᠢᠮ᠎ᠡ ᠲᠡᠵᠢᠭᠡᠯ ᠪᠠ ᠡᠷᠡᠭᠦᠯ ᠮᠡᠨᠳᠦ ᠶᠢᠨ ᠰᠤᠳᠤᠯᠭᠠᠨ ᠤ ᠲᠥᠪ᠂ ᠰᠠᠭᠠᠯᠢ ᠶᠢᠨ ᠦᠨᠢᠶ᠎ᠡ ᠦᠷᠡᠵᠢᠭᠦᠯᠦᠨ ᠪᠣᠶᠢᠵᠢᠭᠤᠯᠬᠤ ᠪᠠ ᠲᠡᠵᠢᠭᠡᠨ ᠦᠷᠡᠵᠢᠭᠦᠯᠬᠦ ᠮᠡᠷᠭᠡᠵᠢᠯ ᠤᠨ ᠰᠤᠳᠤᠯᠭᠠᠨ ᠤ ᠲᠥᠪ᠂ ᠴᠠᠭᠠᠨ ᠢᠳᠡᠭᠡᠨ ᠤ ᠦᠢᠯᠡᠳᠪᠦᠷᠢᠯᠡᠯ ᠤᠨ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠰᠤᠳᠤᠯᠭᠠᠨ ᠤ ᠲᠥᠪ ᠵᠡᠷᠭᠡ ᠶᠢ ᠲᠣᠬᠢᠷᠠᠭᠤᠯᠪᠠ︔ ᠰᠦ ᠶᠢᠨ ᠦᠢᠯᠡᠰ ᠤᠨ ᠪᠠᠷᠢᠮᠵᠢᠶ᠎ᠠ ᠦᠢᠯᠡᠴᠢᠯᠡᠭᠡᠨ ᠤ ᠲᠠᠪᠴᠠᠩ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠠᠪᠴᠠᠩ᠂ ᠨᠡᠪᠴᠢᠭᠦᠯᠬᠦ ᠲᠠᠪᠴᠠᠩ ᠤᠨ ᠯᠠᠩ ᠺᠦᠨ ᠤ ᠲᠡᠮᠦᠷᠯᠢᠭ ᠨᠠᠲᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ ᠵᠢᠯ ᠳᠤ 3.5 ᠲᠦᠮᠡᠨ ᠲᠣᠨ ᠲᠡᠮᠦᠷᠯᠢᠭ ᠨᠠᠲᠷᠢ᠂ 5.4 ᠲᠦᠮᠡᠨ ᠲᠣᠨ ᠰᠢᠩᠭᠡᠨ ᠾᠯᠣᠷ ᠦᠢᠯᠡᠳᠪᠦᠷᠢᠯᠡᠨ᠎ᠡ︔ ᠥᠪᠥᠷ ᠮᠣᠩᠭᠤᠯ ᠤᠨ ᠢ ᠳ᠋ᠦᠸᠧ ᠯᠢ ᠶᠢᠨ 2 ᠲᠦᠮᠡᠨ ᠲᠣᠨ ᠤ ᠠᠮᠢᠳᠤ ᠪᠣᠳᠠᠰ ᠤᠨ ᠢᠰᠬᠡᠭᠦᠷ ᠤᠨ ᠦᠢᠯᠡᠳᠬᠡᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠦᠷᠳᠡᠭ 3.5 ᠳ᠋ᠦᠩᠰᠢᠭᠤᠷ ᠲᠥᠭᠦᠷᠢᠭ ᠬᠦᠷᠦᠨ᠎ᠡ᠃      ᠮᠠᠨ ᠤ ᠬᠤᠲᠠ ᠨᠢᠭᠡᠨᠲᠡ ᠪᠦᠬᠦ ᠤᠯᠤᠰ ᠤᠨ ᠬᠠᠮᠤᠭ ᠤᠨ ᠲᠣᠮᠣ ᠰᠦ ᠶᠢᠨ ᠢᠷᠡᠯᠲᠡ ᠶᠢᠨ ᠰᠠᠭᠤᠷᠢᠨ ᠭᠠᠵᠠᠷ᠂ ᠬᠦᠢᠰᠦ ᠶᠢ ᠡᠵᠡᠮᠳᠡᠭᠰᠡᠨ ᠢᠴᠡᠭᠡᠯ ᠦᠷ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠴᠣᠷ ᠤᠨ ᠭᠠᠭᠴᠠ ᠤᠯᠤᠰ ᠤᠨ ᠰᠦ ᠶᠢᠨ ᠦᠢᠯᠡᠰ ᠤᠨ ᠰᠢᠨ᠎ᠡ ᠶᠢ ᠡᠭᠦᠳᠬᠦ ᠲᠥᠪ ᠲᠤ ᠳᠡᠭᠡᠳᠦ ᠳᠣᠣᠷᠠᠳᠤ ᠤᠷᠤᠰᠬᠠᠯ ᠤᠨ 360 ᠭᠠᠷᠤᠢ ᠠᠵᠤ ᠠᠬᠤᠶᠢᠯᠠᠯ ᠲᠥᠪᠯᠡᠷᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 56 ᠪᠠᠶᠢᠵᠤ᠂ ᠪᠥᠬᠦ ᠤᠯᠤᠰ ᠤᠨ 50% ᠶᠢᠨ ᠰᠦ ᠶᠢᠨ ᠦᠢᠯᠡᠰ ᠤᠨ ᠦᠢᠯᠡᠳᠪᠦᠷᠢᠯᠡᠬᠦ ᠴᠢᠳᠠᠪᠤᠷᠢ ᠶᠢ ᠬᠤᠷᠠᠮᠳᠤᠭᠤᠯᠤᠨ᠂ ᠡᠳᠦᠷ ᠲᠤ 5400 ᠲᠣᠨ ᠰᠦ ᠰᠢᠢᠳᠪᠦᠷᠢᠯᠡᠵᠦ᠂ ᠴᠠᠭᠠᠨ ᠢᠳᠡᠭᠡᠨ ᠤ ᠠᠵᠤ ᠦᠢᠯᠡᠰ ᠤᠨ ᠪᠥᠭᠡᠮᠨᠡᠷᠡᠯ ᠤᠯᠤᠰ ᠤᠨ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠳᠤ ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶᠡᠨ ᠤ ᠪᠣᠷᠣᠯᠠᠭᠤᠯᠤᠯᠲᠠ ᠶᠢᠨ ᠣᠷᠣᠯᠭ᠎ᠠ 2200 ᠳ᠋ᠦᠩᠰᠢᠭᠤᠷ ᠲᠥᠭᠦᠷᠢᠭ ᠬᠦᠷᠴᠡᠢ᠃ ᠶᠡᠷᠦᠩᠬᠡᠢ ᠪᠡᠯᠡ ᠣᠷᠣᠭᠤᠯᠤᠯᠲᠠ ᠨᠢ 540 ᠳ᠋ᠦᠩᠰᠢᠭᠤᠷ ᠲᠥᠭᠦᠷᠢᠭ ᠬᠦᠷᠦᠭᠰᠡᠨ ᠢᠯᠢ ᠶᠢᠨ ᠡᠷᠡᠭᠦᠯ ᠮᠡᠨᠳᠦ ᠶᠢᠨ ᠬᠥᠨᠳᠡᠢ᠂ ᠶᠡᠷᠦᠩᠬᠡᠢ ᠪᠡᠯᠡ ᠣᠷᠣᠭᠤᠯᠤᠯᠲᠠ ᠨᠢ 160 ᠳ᠋ᠦᠩᠰᠢᠭᠤᠷ ᠲᠥᠭᠦᠷᠢᠭ ᠬᠦᠷᠦᠭᠰᠡᠨ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠲᠥᠪᠯᠡᠷᠡᠭᠰᠡᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠬᠤᠯᠠ ᠬᠥᠳᠡᠯᠭᠡᠭᠦᠷ᠂ ᠪᠠᠷᠠᠭᠤᠨ ᠪᠡᠶ᠎ᠡ ᠶᠢᠨ ᠦᠢᠯᠡᠳᠪᠦᠷᠢᠯᠡᠯ ᠬᠤᠳᠠ ᠠᠭᠤᠰᠤᠯᠴᠠᠭᠰᠠᠨ ᠬᠡᠰᠡᠭ ᠪᠠ ᠡᠮᠦᠨ᠎ᠡ ᠪᠡᠶ᠎ᠡ ᠶᠢᠨ ᠬᠤᠳᠠ ᠶᠢᠨ ᠳᠡᠳ᠋ ᠲᠥᠪ ᠤᠨ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠣᠯᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ