| | | ᠬᠠᠭᠤᠴᠢᠨ ᠬᠤᠷᠢᠶᠠᠯᠠᠯ ᠤᠨ ᠲᠣᠭᠤᠷᠢᠭ ᠢ ᠥᠭᠡᠷᠡᠴᠢᠯᠡᠬᠦ ᠨᠢ ᠨᠢᠭᠡ ᠲᠠᠯ᠎ᠠ ᠪᠠᠷ ᠬᠤᠳᠠ ᠶᠢᠨ ᠬᠥᠭᠵᠢᠯᠲᠡ ᠲᠠᠢ | ᠬᠤᠯᠪᠣᠭᠳᠠᠵᠤ᠂ ᠨᠦᠬᠦᠭᠡ ᠲᠠᠯ᠎ᠠ ᠪᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠵᠤ ᠪᠠᠶᠢᠳᠠᠭ᠃ ᠡᠨᠡ | ᠵᠢᠯ᠂ ᠰᠠᠶᠢᠬᠠᠨ ᠲᠣᠭᠤᠷᠢᠭ ᠤᠨ ᠬᠢᠨ ᠬᠡᠰᠡᠭ ᠬᠠᠭᠤᠴᠢᠨ ᠬᠤᠷᠢᠶᠠᠯᠠᠯ ᠢ ᠶᠡᠷᠦᠩᠬᠡᠶᠢᠯᠡᠨ ᠳᠡᠭᠡᠭᠰᠢᠯᠡᠭᠦᠯᠦᠨ ᠥᠭᠡᠷᠡᠴᠢᠯᠡᠵᠦ᠂ | ᠠᠷᠠᠳ ᠤᠨ ᠵᠠᠮ ᠤᠨ ᠵᠡᠭᠡᠯᠢ ᠭᠤᠳᠤᠮᠵᠢ ᠶᠢᠨ ᠬᠠᠷᠢᠶ᠎ᠠ ᠲᠣᠭᠤᠷᠢᠭ ᠲᠠᠬᠢ ᠤᠰᠤ ᠬᠠᠩᠭᠠᠬᠤ ᠬᠤᠷᠢᠶᠠᠯᠠᠯ ᠨᠢ ᠡᠭᠦᠨ ᠤ | ᠳᠣᠲᠣᠷ᠎ᠠ ᠪᠠᠭᠲᠠᠵᠤ ᠪᠠᠶᠢᠳᠠᠭ᠃ ᠲᠦᠷᠪᠡᠨ ᠰᠠᠷ᠎ᠠ ᠭᠠᠷᠤᠢ ᠶᠢᠨ ᠥᠭᠡᠷᠡᠴᠢᠯᠡᠯᠲᠡ ᠪᠠᠷ ᠳᠠᠮᠵᠢᠨ᠂ ᠬᠤᠷᠢᠶᠠᠯᠠᠯ ᠤᠨ | ᠶᠡᠷᠦᠩᠬᠡᠢ ᠣᠷᠴᠢᠨ ᠲᠣᠭᠤᠷᠢᠨ᠂ ᠬᠠᠲᠠᠭᠤ ᠲᠣᠨᠤᠭ ᠤᠨ ᠲᠥᠬᠦᠭᠡᠷᠦᠮᠵᠢ ᠳᠤ ᠮᠡᠳᠡᠭᠳᠡᠮ᠎ᠡ ᠬᠤᠪᠢᠷᠠᠯᠲᠠ ᠭᠠᠷᠴᠤ᠂ | ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠬᠦᠷᠲᠡᠮᠵᠢ ᠶᠢᠨ ᠲᠥᠷᠥᠭᠳᠡᠯ ᠳᠡᠭᠡᠭᠰᠢᠯᠡᠵᠡᠢ᠃ ᠵᠢᠷᠤᠭ ᠪᠣᠯ ᠤᠰᠤ | ᠬᠠᠩᠭᠠᠬᠤ ᠬᠤᠷᠢᠶᠠᠯᠠᠯ ᠤᠨ ᠰᠢᠨ᠎ᠡ ᠪᠠᠷ ᠪᠠᠶᠢᠭᠤᠯᠤᠭᠰᠠᠨ ᠴᠡᠴᠡᠷᠯᠢᠭ᠂ ᠤᠷᠳᠤ ᠬᠤᠩᠭᠢᠯ ᠵᠡᠷᠭᠡ ᠦᠵᠡᠮᠵᠢ ᠶᠢᠨ | ᠲᠥᠬᠦᠭᠡᠷᠦᠮᠵᠢ ᠪᠣᠯᠣᠨ᠎ᠠ᠃ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ |