ᠬᠥᠬᠡᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠬᠠᠷᠢᠯᠴᠠᠨ ᠠᠵᠢᠭᠯᠠᠵᠤ ᠬᠠᠷᠢᠯᠴᠠᠨ ᠠᠬᠢᠭᠤᠯᠬᠤ︾ ᠠᠵᠢᠯ ᠢ ᠠᠬᠢᠭᠤᠯᠬᠤ ᠬᠤᠷᠠᠯ ᠦᠴᠦᠸᠠᠨ ᠰᠢᠶᠠᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2023/9/13
      9 ᠰᠠᠷ᠎ᠠ ᠶᠢᠨ 8 ᠤ ᠡᠳᠦᠷ᠂ ᠬᠥᠬᠡᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠬᠠᠷᠢᠯᠴᠠᠨ ᠠᠵᠢᠭᠯᠠᠵᠤ ᠬᠠᠷᠢᠯᠴᠠᠨ ᠠᠬᠢᠭᠤᠯᠬᠤ︾ ᠠᠵᠢᠯ ᠢ ᠲᠦᠯᠬᠢᠨ ᠠᠬᠢᠭᠤᠯᠬᠤ ᠬᠤᠷᠠᠯ ᠮᠠᠨ ᠤ ᠰᠢᠶᠠᠨ ᠳᠤ ᠬᠤᠷᠠᠯᠳᠤᠵᠤ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠭᠰᠡᠨ ᠪᠥᠭᠡᠳ ᠲᠦᠯᠬᠢᠨ ᠠᠬᠢᠭᠤᠯᠬᠤ ᠬᠤᠷᠠᠯ ᠳᠤ ᠣᠷᠣᠯᠴᠠᠵᠠᠢ᠃      ᠲᠣᠭᠤᠷᠢᠨ ᠦᠵᠡᠬᠦ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠦᠴᠦᠸᠠᠨ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠠᠭᠤᠳᠠᠮ ᠲᠠᠯᠠᠪᠠᠢ᠂ ᠬᠥᠬᠡ ᠡᠷᠭᠢ ᠪᠠᠯᠭᠠᠰᠤ ᠶᠢᠨ ᠰᠢᠩ ᠱᠧᠩ ᠨᠡᠶᠢᠭᠡᠮ ᠲᠣᠭᠤᠷᠢᠭ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠶᠠᠨ ᠬᠦ᠋ ᠹᠠᠩ ᠪᠦᠯᠦᠭᠯᠡᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠥᠬᠡ ᠡᠷᠭᠢ ᠪᠠᠯᠭᠠᠰᠤ ᠶᠢᠨ ᠳᠡᠭᠡᠷᠮᠡᠳᠦ ᠲᠣᠰᠬᠤᠨ᠂ ᠬᠠᠷᠠᠭᠤᠯ ᠪᠠᠯᠭᠠᠰᠤ ᠶᠢᠨ ᠳᠡᠷᠡᠰᠦᠲᠦ ᠶᠢᠨ ᠠᠶᠢᠯ ᠲᠣᠰᠬᠤᠨ ᠤ ᠪᠤᠬ᠎ᠠ ᠲᠡᠷᠭᠡᠨ ᠤ ᠰᠣᠶᠣᠯ ᠤᠨ ᠭᠤᠣᠯ ᠰᠡᠳᠦᠪᠲᠦ ᠪᠢᠴᠢᠯ ᠠᠮᠠᠷᠠᠯᠲᠠ ᠶᠢᠨ ᠭᠠᠵᠠᠷ ᠵᠡᠷᠭᠡ ᠵᠢᠷᠭᠤᠭᠠᠨ ᠴᠡᠭ ᠲᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠤᠬᠠᠢ ᠶᠢᠨ ᠲᠠᠯᠠᠪᠤᠷ ᠲᠤ ᠡᠯ᠎ᠡ ᠭᠠᠵᠠᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ᠃      ᠳᠠᠷᠠᠭ᠎ᠠ ᠪᠠᠷ ᠨᠢ ᠬᠤᠷᠠᠯᠳᠤᠭᠤᠯᠤᠭᠰᠠᠨ ᠠᠬᠢᠭᠤᠯᠬᠤ ᠬᠤᠷᠠᠯ ᠳᠡᠭᠡᠷ᠎ᠡ᠂ ᠦᠴᠦᠸᠠᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠳ᠋ᠦᠩ ᠨᠤᠸᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ︽ᠬᠥᠲᠥᠯᠪᠦᠷᠢ︾ ᠪᠣᠯᠭᠠᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠳᠤ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ︽ᠲᠠᠭᠤᠨ︾ ᠪᠣᠯᠭᠠᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ︽ᠠᠮᠢᠨ ᠰᠦᠨᠡᠰᠦ︾ ᠪᠣᠯᠭᠠᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠯ᠎ᠡ ᠵᠦᠢᠯ ᠤᠨ ᠠᠵᠢᠯ ᠦᠢᠯᠡᠰ ᠲᠤ ᠭᠤᠷᠪᠠᠨ ᠲᠠᠯ᠎ᠠ ᠪᠠᠷ ᠣᠷᠣᠭᠤᠯᠵᠤ᠂ ᠦᠴᠦᠸᠠᠨ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠤᠨ ᠪᠠᠶᠢᠳᠠᠯ ᠤᠨ ᠲᠤᠬᠠᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠵᠡᠢ᠃      ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠲᠤᠰ ᠲᠤᠰ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃      ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠯᠢ ᠴᠢᠶᠠᠩ ᠦᠴᠦᠸᠠᠨ ᠤ ᠲᠣᠭᠤᠷᠢᠨ ᠦᠵᠡᠬᠦ ᠴᠡᠭ ᠲᠤ ᠨᠢᠭᠡᠳ ᠨᠢᠭᠡ ᠪᠠᠷ ᠦᠨᠡᠯᠡᠯᠲᠡ ᠬᠢᠵᠦ᠂ ᠦᠴᠦᠸᠠᠨ ᠰᠢᠶᠠᠨ ᠤ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠳᠤ ᠣᠷᠣᠭᠤᠯᠬᠤ︾ ᠶᠢ ᠲᠦᠯᠬᠢᠨ ᠠᠬᠢᠭᠤᠯᠬᠤ ᠭᠢᠯᠠᠰ ᠴᠡᠭ ᠤᠨ ᠠᠵᠢᠯ ᠪᠠ ᠲᠤᠷᠰᠢᠯᠭ᠎ᠠ ᠬᠢᠳᠡᠯ ᠢ ᠭᠦᠢᠴᠡᠳ ᠨᠤᠲᠠᠯᠠᠵᠠᠢ᠃ ᠲᠡᠷᠡ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠬᠤᠯᠠᠴᠢᠯᠠᠵᠤ᠂ ᠲᠡᠰ ᠳᠠᠪᠬᠤᠷᠭ᠎ᠠ ᠬᠤᠪᠢᠶᠠᠨ᠂ ᠬᠦᠷᠢᠶ᠎ᠡ ᠴᠠᠷᠠᠭ᠎ᠠ ᠬᠤᠪᠢᠶᠠᠨ᠂ ᠭᠤᠣᠯᠳᠠᠯᠭ᠎ᠠ ᠲᠠᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢ ᠰᠠᠷ᠎ᠠ ᠪᠦᠷᠢ ᠬᠡᠯᠪᠡᠷᠢ ᠲᠠᠢ ᠲᠥᠷᠥᠭᠳᠡᠯ ᠲᠠᠢ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠨᠢᠭᠡ ᠪᠦᠯᠦᠭ ︽ᠭᠤᠷᠪᠠᠨ ᠵᠦᠢᠯ ᠤᠨ ᠲᠥᠯᠥᠪᠯᠡᠭᠡ︾ ᠶᠢᠨ ᠲᠤᠰᠬᠠᠢ ᠰᠡᠳᠦᠪᠲᠦ ᠠᠵᠢᠯᠯᠠᠭ᠎ᠠ ᠶᠢ ᠴᠢᠷᠮᠠᠶᠢᠨ ᠥᠷᠨᠢᠭᠦᠯᠵᠦ᠂ ᠮᠠᠨ ᠤ ᠬᠤᠲᠠ ᠶᠢᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠭᠰᠠᠨ ᠨᠠᠷᠠᠲᠤ ᠲᠡᠮᠳᠡᠭ ᠪᠠ ᠬᠢᠷᠢ ᠪᠦᠲᠦᠮᠵᠢ ᠶᠢ ᠳᠡᠯᠭᠡᠨ ᠦᠵᠡᠭᠦᠯᠵᠦ᠂ ᠬᠠᠷᠢᠯᠴᠠᠨ ᠰᠢᠭᠢᠳᠬᠦ ᠬᠡᠯᠪᠡᠷᠢ ᠶᠢᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠲᠤᠷᠰᠢᠯᠲᠠ ᠶᠢᠨ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠴᠢᠩᠭ᠎ᠠ ᠡᠵᠡᠮᠳᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ᠂ ᠡᠭᠦᠳᠦᠨ ᠪᠠᠶᠢᠭᠤᠯᠬᠤ ᠰᠡᠳᠬᠢᠴᠡ ᠪᠠᠨ ᠭᠦᠢᠴᠡᠳ ᠥᠷᠭᠡᠳᠭᠡᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠠᠭᠤᠯᠤᠭᠳᠠᠬᠤᠨ ᠢ ᠭᠦᠨᠵᠡᠭᠡᠶᠢᠷᠡᠭᠦᠯᠦᠨ᠂ ᠬᠡᠯᠪᠡᠷᠢ ᠶᠢ ᠪᠠᠶᠠᠯᠢᠭᠵᠢᠭᠤᠯᠵᠤ᠂ ᠠᠷᠭ᠎ᠠ ᠶᠢ ᠰᠢᠨ᠎ᠡ ᠪᠠᠷ ᠡᠭᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠳᠡᠰ ᠳᠡᠪᠰᠢᠭᠰᠡᠨ ᠬᠡᠪ ᠵᠠᠭᠪᠤᠷ ᠢ ᠪᠣᠢ ᠪᠣᠯᠭᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠡᠯ᠎ᠡ ᠬᠤᠰᠢᠭᠤ ᠰᠢᠶᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠡᠷᠢᠭᠦᠨ ᠤ ᠲᠤᠷᠰᠢᠯᠭ᠎ᠠ ᠶᠢ ᠢᠳᠡᠪᠬᠢᠲᠡᠢ ᠰᠦᠪᠡᠭᠴᠢᠯᠡᠨ ᠰᠤᠷᠤᠯᠴᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠣᠰ ᠭᠠᠵᠠᠷ ᠣᠷᠣᠨ ᠤ ᠦᠨᠳᠦᠰᠦᠲᠡᠨ ᠤ ᠠᠵᠢᠯ ᠤᠨ ᠭᠤᠣᠯᠳᠠᠯᠭ᠎ᠠ᠂ ᠬᠦᠴᠢᠷ ᠠᠰᠠᠭᠤᠳᠠᠯ ᠲᠠᠢ ᠤᠶᠠᠯᠳᠤᠭᠤᠯᠤᠨ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠦᠷᠢᠯᠡᠬᠦ ᠪᠠᠷ ᠬᠦᠴᠦᠯᠡᠨ ᠴᠢᠷᠮᠠᠶᠢᠵᠤ᠂ ᠦᠨᠳᠦᠰᠦᠲᠡᠨ ᠤ ᠪᠦᠯᠬᠦᠮᠳᠡᠯ ᠤᠨ ᠬᠦᠴᠦᠨ ᠪᠠ ᠦᠨᠳᠦᠰᠦᠲᠡᠨ ᠤ ᠨᠢᠭᠲᠠᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠡᠢ
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ