ᠬᠤᠷᠢᠨᠭᠡᠷ ᠰᠢᠶᠠᠨ ᠤ ᠤᠯᠤᠰ ᠲᠥᠷᠥ ᠶᠢᠨ ᠵᠥᠪᠯᠡᠯᠭᠡᠨ ︽ᠭᠠᠵᠠᠷ ᠰᠢᠷᠣᠶ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ︽ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠤᠨ ᠲᠠᠷᠢᠶᠠᠴᠢᠳ ᠤᠨ ᠬᠤᠷᠰᠢᠶ᠎ᠠ ᠶᠢ ᠪᠤᠵᠠᠭᠠᠶᠢᠷᠠᠭᠤᠯᠬᠤ︾ ᠠᠵᠢᠯ ᠲᠥᠷᠥᠯ ᠤᠨ ᠵᠥᠪᠯᠡᠯᠭᠡᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/13
      9 ᠰᠠᠷ᠎ᠠ ᠶᠢᠨ 6 ᠤ ᠡᠳᠦᠷ᠂ ᠬᠤᠷᠢᠨᠭᠡᠷ ᠰᠢᠶᠠᠨ ᠤ ᠤᠯᠤᠰ ᠲᠥᠷᠥ ᠶᠢᠨ ᠵᠥᠪᠯᠡᠯᠭᠡᠨ ︽ᠭᠠᠵᠠᠷ ᠰᠢᠷᠣᠶ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ︽ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠤᠨ ᠲᠠᠷᠢᠶᠠᠴᠢᠳ ᠤᠨ ᠬᠤᠷᠰᠢᠶ᠎ᠠ ᠶᠢ ᠪᠤᠵᠠᠭᠠᠶᠢᠷᠠᠭᠤᠯᠬᠤ︾ ᠠᠵᠢᠯ ᠲᠥᠷᠥᠯ ᠤᠨ ᠵᠥᠪᠯᠡᠯᠭᠡᠨ ᠤ ᠬᠤᠷᠠᠯ ᠬᠤᠷᠠᠯᠳᠤᠭᠤᠯᠪᠠ᠃     ᠬᠤᠷᠠᠯ ᠳᠤ ᠣᠷᠣᠯᠴᠠᠭᠰᠠᠳ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠴᠤ᠂ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠪᠦᠬᠦ ᠰᠢᠶᠠᠨ ᠤ ᠭᠠᠵᠠᠷ ᠰᠢᠷᠣᠶ ᠶᠢᠨ ᠡᠬᠢ ᠪᠠᠶᠠᠯᠢᠭ ᠤᠨ ᠠᠰᠢᠭᠯᠠᠯᠲᠠ᠂ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠬᠥᠭᠵᠢᠯᠲᠡ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠤᠯᠤᠰ ᠲᠦᠷᠦ ᠶᠢᠨ ᠵᠥᠪᠯᠡᠯᠭᠡᠨ ᠤ ᠬᠡᠰᠡᠭ ᠪᠠᠶᠢᠩᠭᠤ ᠶᠢᠨ ᠭᠡᠰᠢᠭᠦᠨ᠂ ᠭᠡᠰᠢᠭᠦᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠲᠠᠢ ᠪᠣᠯᠪᠠ᠃      ᠬᠤᠷᠠᠯ ᠠᠴᠠ᠂ ᠦᠵᠡᠯᠲᠡ ᠪᠠᠨ ᠬᠤᠪᠢᠷᠠᠭᠤᠯᠵᠤ᠂ ᠲᠥᠯᠥᠪᠵᠢᠭᠦᠯᠭᠡ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠪᠦᠬᠦ ᠰᠢᠶᠠᠨ ᠤ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠦᠳᠦᠭᠡᠨ ᠪᠠᠶᠢᠭᠤᠯᠤᠯᠲᠠ ᠳᠤ ᠭᠠᠵᠠᠷ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠭᠠᠵᠠᠷ ᠰᠢᠷᠣᠢ ᠶᠢᠨ ᠳᠠᠪᠠᠭᠤᠯᠢᠭ ᠢ ᠦᠨᠡᠨᠬᠦ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠰᠢᠨ᠎ᠡ ᠬᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠤᠶᠢᠵᠢᠭᠤᠯᠵᠤ᠂ ᠰᠢᠨ᠎ᠡ ᠬᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠬᠠᠪᠰᠤᠷᠤᠨ ᠦᠷᠭᠦᠯᠵᠢᠯᠡᠨ ᠬᠥᠭᠵᠢᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ︔ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠳᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠬᠥᠭᠵᠢᠯᠲᠡ ᠳᠤ ᠲᠦᠷᠦ ᠶᠢᠨ ᠪᠤᠳᠤᠯᠭ᠎ᠠ ᠶᠢᠨ ᠰᠠᠶᠢᠨ ᠣᠷᠴᠢᠨ ᠢ ᠬᠠᠩᠭᠠᠨ᠂ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠵᠡᠩᠨᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠪᠦᠬᠦ ᠰᠢᠶᠠᠨ ᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ