ᠬᠤᠷᠢᠨᠭᠡᠷ ᠰᠢᠶᠠᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ︽ᠲᠤᠷᠰᠢᠯᠲᠠ ᠶᠢᠨ ᠰᠢᠶᠠᠨ︾ ᠢᠶᠠᠷ ᠵᠦᠪᠰᠢᠶᠡᠷᠡᠭᠳᠡᠪᠡ
ᠨᠡᠶᠢᠲᠡᠯᠡᠭᠰᠡᠨ ᠴᠠᠭ᠄
2023/9/13
      ︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠳᠤ᠂ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠪᠠᠷ ᠳᠠᠮᠵᠢᠨ᠂ ᠬᠤᠷᠢᠨᠭᠡᠷ ᠰᠢᠶᠠᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ︽ᠲᠤᠷᠰᠢᠯᠲᠠ ᠶᠢᠨ ᠰᠢᠶᠠᠨ︾ ᠢᠶᠠᠷ   ᠵᠦᠪᠰᠢᠶᠡᠷᠡᠭᠳᠡᠵᠦ᠂ ᠴᠢᠩ ᠱᠦᠢ ᠾᠧ ᠰᠢᠶᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ︽ᠲᠤᠷᠰᠢᠯᠲᠠ ᠶᠢᠨ ᠰᠢᠶᠠᠨ︾ ᠪᠣᠯᠤᠭᠰᠠᠨ ᠮᠠᠨ ᠤ ᠬᠤᠳᠠ ᠶᠢᠨ ᠬᠤᠶᠠᠳᠠᠭᠢ ᠭᠠᠵᠠᠷ ᠣᠷᠣᠨ ᠪᠣᠯᠵᠤ᠂ 1070 ᠲᠦᠮᠡᠨ ᠲᠥᠭᠦᠷᠢᠭ ᠤᠨ ᠲᠥᠪ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ︵ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ︶ ᠶᠢ ᠣᠯᠵᠠᠢ᠃      ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ  ᠴᠢᠬᠤᠯᠠ ᠠᠭᠤᠯᠭ᠎ᠠ ᠪᠣᠯᠣᠨ᠎ᠠ᠂ ᠮᠥᠨᠴᠦ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢ ᠠᠬᠢᠭᠤᠯᠬᠤ᠂ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠡᠭᠦᠨ ᠤ ᠲᠤᠯᠠᠳᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠢ ᠢᠳᠡᠪᠬᠢᠲᠡᠢ ᠵᠣᠯᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠳᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ︽ᠲᠤᠷᠰᠢᠯᠲᠠ ᠶᠢᠨ ᠰᠢᠶᠠᠨ︾ ᠢ ᠪᠦᠲᠦᠭᠡᠨ ᠪᠠᠶᠢᠭᠤᠯᠬᠤ ᠲᠥᠰᠥᠯ ᠢ ᠬᠠᠮᠲᠤᠷᠠᠨ ᠭᠤᠶᠤᠴᠢᠯᠠᠵᠠᠢ᠃      ᠣᠶᠢᠯᠠᠭᠠᠭᠰᠠᠨ ᠢᠶᠠᠷ᠂ ᠣᠳᠣᠬᠠᠨ ᠳᠤ ᠲᠤᠰᠬᠠᠢ ᠪᠡᠯᠡ ᠮᠥᠩᠭᠦ ᠶᠢ ᠨᠢᠭᠡᠨᠲᠡ ᠬᠤᠷᠢᠨᠭᠡᠷ ᠰᠢᠶᠠᠨ ᠳᠤ ᠪᠠᠭᠤᠯᠭᠠᠵᠤ᠂ ᠭᠤᠣᠯᠳᠠᠭᠤ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠠᠷᠠᠯᠵᠢᠶ᠎ᠠ ᠬᠤᠳᠠᠯᠳᠤᠭᠠᠨ ᠤ ᠰᠢᠰᠲ᠋ᠧᠮᠵᠢ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠬᠦᠷᠭᠡᠬᠦ ᠰᠢᠰᠲ᠋ᠧᠮᠵᠢ᠂ ᠲᠠᠷᠢᠶᠠᠯᠠᠩ ᠤᠨ ᠪᠦᠲᠦᠭᠡᠭᠳᠡᠬᠦᠨ ᠢ ᠳᠡᠭᠡᠭᠰᠢ ᠶᠠᠪᠤᠭᠤᠯᠬᠤ ᠰᠢᠰᠲ᠋ᠧᠮᠵᠢ ᠵᠢᠴᠢ ᠬᠥᠳᠡᠭᠡ ᠲᠣᠰᠬᠤᠨ ᠤ ᠬᠡᠷᠡᠭᠯᠡᠭᠡᠨ ᠤ ᠣᠷᠴᠢᠨ ᠲᠣᠭᠤᠷᠢᠨ ᠢ ᠳᠡᠭᠡᠭᠰᠢᠯᠡᠭᠦᠯᠬᠦ ᠵᠡᠷᠭᠡ ᠲᠤᠷᠰᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠡᠭᠦᠯᠳᠡᠷᠵᠢᠭᠦᠯᠬᠦ ᠳᠤ ᠬᠡᠷᠡᠭᠯᠡᠨ᠎ᠡ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠬᠦ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠤᠲᠠ ᠶᠢᠨ ᠬᠤᠳᠠᠯᠳᠤᠭᠠᠨ ᠤ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠲᠤᠷᠰᠢᠯᠲᠠ ᠶᠢᠨ ᠬᠤᠰᠢᠭᠤ ᠰᠢᠶᠠᠨ ᠤ ᠲᠤᠰᠬᠠᠢ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠳᠡᠮᠵᠢᠵᠦ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢ ᠵᠢᠯᠤᠭᠤᠳᠴᠤ᠂ ᠰᠢᠶᠠᠨ ᠤ ᠬᠡᠪᠴᠢᠶᠡᠨ ᠤ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠴᠢᠳᠠᠪᠤᠷᠢ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠦᠨ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ