ᠮᠠᠨ ᠤ ᠬᠤᠲᠠ 23 ᠳᠠᠬᠢ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/18
13b5985b-7bca-4cc9-a81b-72daf703fa2b.jpg
      ︵ᠰᠤᠷᠪᠤᠯᠵᠢᠯᠠᠭᠴᠢ ᠠᠷᠢᠭᠤᠨ᠎ᠠ︶ 9 ᠳ᠋ᠤᠭᠡᠷ ᠰᠠᠷ᠎ᠠ ᠶᠢᠨ 16 ᠤ ᠡᠳᠦᠷ᠂ ᠮᠠᠨ ᠤ ᠬᠤᠲᠠ ︽ ᠤᠯᠤᠰ ᠤᠨ ᠪᠠᠲᠤᠯᠠᠨ ᠬᠠᠮᠠᠭᠠᠯᠠᠯᠲᠠ  ᠢ ᠬᠦᠴᠦᠷᠭᠡᠭᠵᠢᠬᠦᠯᠬᠦ ᠪᠠᠷ ᠡᠷᠡᠯᠬᠡᠭᠯᠡᠨ ᠲᠡᠮᠡᠴᠡᠵᠦ ᠰᠡᠷᠭᠦᠨ ᠮᠠᠨᠳᠤᠯᠲᠠ  ᠵᠦᠭ ᠡᠷᠡᠮᠡᠬᠡᠶᠢᠯᠡᠨ ᠤᠷᠤᠭᠰᠢᠯᠠᠶ᠎ᠠ︾ ᠭᠡᠬᠦ ᠭᠤᠣᠯ ᠰᠡᠳᠦᠪ ᠲᠠᠢ 23 ᠳᠠᠬᠢ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠳᠤ᠂ ᠮᠠᠨ ᠤ ᠬᠤᠳᠠ ᠶᠢᠨ ᠡᠯ᠎ᠡ ᠪᠠᠶᠢᠭᠤᠯᠭ᠎ᠠ ᠨᠢᠭᠡᠴᠡ ᠠᠴᠠ ᠢᠷᠡᠭᠰᠡᠨ ᠬᠡᠰᠡᠭ ᠠᠵᠢᠯᠲᠠᠳ ᠪᠠ ᠬᠤᠳᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ ᠬᠦᠷᠢᠶᠡᠯᠡᠩ ᠳᠤ ᠬᠦᠷᠴᠦ ᠦᠷᠡᠭᠳᠡᠭᠰᠡᠨ ᠪᠠᠭᠠᠲᠤᠷᠴᠤᠳ ᠤᠨ ᠦᠢᠯᠡ ᠠᠵᠢᠯᠯᠠᠭ᠎ᠠ ᠶᠢ ᠰᠣᠨᠣᠰᠴᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠰᠤᠷᠤᠯᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠤᠯᠢ ᠳᠦᠷᠢᠮ ᠢ ᠣᠶᠢᠯᠠᠭᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠭᠤᠣᠯ ᠰᠡᠳᠦᠪᠲᠦ ᠦᠵᠡᠭᠦᠯᠦᠯᠭᠡ ᠶᠢᠨ ᠲᠣᠭᠤᠷᠢᠭ᠂ ᠴᠡᠷᠢᠭ ᠤᠨ ᠶᠠᠪᠤᠳᠠᠯ ᠤᠨ ᠵᠡᠪᠰᠡᠭ ᠲᠣᠨᠣᠭᠯᠠᠯ ᠤᠨ ᠦᠵᠡᠭᠦᠯᠦᠯᠭᠡ ᠶᠢᠨ ᠲᠣᠭᠤᠷᠢᠭ᠂ ᠴᠡᠷᠢᠭ ᠤᠨ ᠶᠠᠪᠤᠳᠠᠯ ᠤᠨ ᠦᠢᠯᠡᠳᠦᠯᠴᠡᠨ ᠣᠶᠢᠯᠠᠭᠠᠬᠤ ᠲᠣᠭᠤᠷᠢᠭ ᠵᠡᠷᠭᠡ ᠭᠠᠵᠠᠷ ᠲᠤ᠂ ᠲᠡᠦᠬᠡ᠂ ᠲᠣᠨᠣᠭᠯᠠᠯ᠂ ᠠᠭᠤᠤ ᠶᠡᠭᠡ ᠠᠮᠵᠢᠯᠲᠠ ᠪᠦᠲᠦᠮᠵᠢ ᠪᠦᠷᠢ ᠠᠴᠠ ᠮᠠᠨ ᠤ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠤᠨ ᠬᠥᠭᠵᠢᠯᠲᠡ ᠶᠢᠨ ᠲᠡᠦᠬᠡ ᠶᠢ ᠣᠶᠢᠯᠠᠭᠠᠵᠤ᠂ ᠰᠢᠨ᠎ᠡ ᠴᠠᠭ ᠦᠶ᠎ᠡ ᠳᠤ ᠤᠯᠤᠰ ᠢᠶᠠᠨ ᠬᠦᠴᠦᠷᠭᠡᠭᠵᠢᠬᠦᠯᠵᠦ ᠴᠡᠷᠢᠭ ᠢᠶᠠᠨ ᠬᠦᠴᠦᠷᠬᠡᠭᠵᠢᠭᠦᠯᠦᠭᠰᠡᠨ ᠳᠤ ᠣᠮᠣᠭᠰᠢᠯ᠎ᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠠᠵᠢᠯᠲᠠᠳ ᠤᠬᠠᠭᠤᠯᠭ᠎ᠠ ᠶᠢᠨ ᠬᠠᠭᠤᠳᠠᠰᠤ ᠶᠢᠨ ᠭᠠᠷ ᠳᠡᠪᠲᠡᠷ ᠲᠠᠷᠬᠠᠭᠠᠬᠤ᠂ ᠨᠢᠭᠤᠷᠳᠠᠨ ᠲᠠᠶᠢᠯᠪᠤᠷᠢᠯᠠᠬᠤ ᠠᠷᠭ᠎ᠠ ᠬᠡᠯᠪᠡᠷᠢ ᠪᠠᠷ ᠳᠠᠮᠵᠢᠭᠤᠯᠤᠨ ᠥᠷᠭᠡᠨ ᠤᠯᠠᠨ ᠬᠤᠳᠠ ᠶᠢᠨ ᠠᠷᠠᠳ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠰᠤᠷᠤᠯᠴᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠤᠯᠢ ᠴᠠᠭᠠᠵᠠ ᠶᠢ ᠣᠶᠢᠯᠠᠭᠠᠭᠤᠯᠵᠤ᠂ ᠬᠤᠳᠠ ᠶᠢᠨ ᠠᠷᠠᠳ ᠤᠨ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠵᠡᠢ᠃      ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠣᠯᠠᠨ ᠲᠦᠮᠡᠨᠴᠢ ᠴᠢᠨᠠᠷᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠠᠷᠭ᠎ᠠ ᠪᠠᠷᠢᠯ ᠤᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠲᠥᠷᠥᠯ ᠬᠤᠪᠢᠶᠠᠨ  ᠬᠥᠮᠥᠵᠢᠭᠦᠯᠬᠦ ᠶᠢ ᠴᠢᠬᠤᠯᠠᠴᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠷᠢᠭᠤᠴᠠᠯᠭ᠎ᠠ ᠪᠠ ᠡᠭᠦᠷᠭᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠡᠯ᠎ᠡ ᠵᠦᠢᠯ ᠤᠨ ᠠᠵᠢᠯᠯᠠᠭ᠎ᠠ ᠳᠤ ᠠᠭᠤᠰᠬᠠᠨ ᠣᠷᠣᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠳᠤ ᠬᠦᠮᠦᠵᠢᠯ ᠬᠥᠮᠦᠵᠢᠯ ᠬᠦᠷᠲᠡᠭᠡᠵᠦ ᠰᠡᠩᠬᠡᠷᠡᠭᠦᠯᠦᠯ ᠣᠯᠭᠤᠪᠠ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ