ᠬᠥᠬᠡᠬᠤᠲᠠ ᠶᠢᠨ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ | ᠦᠨᠡᠨᠬᠦ ᠪᠠᠲᠤᠯᠠᠵᠤ᠂ ᠡᠮᠴᠢᠯᠡᠭᠡᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ︽ᠬᠥᠬᠡᠬᠤᠲᠠ ᠶᠢᠨ ᠲᠣᠰ | ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ | ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠡ᠃ | ᠨᠢᠭᠡ᠂ ᠲᠤᠭᠲᠠᠭᠠᠭᠰᠠᠨ ᠦᠨᠳᠦᠰᠦᠯᠡᠯ | ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ | ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 101 ᠳ᠋ᠤᠭᠡᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︵ᠨᠢᠭᠡ︶ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠨᠡᠯᠭᠡ ᠳᠤ ᠰᠠᠭᠤᠬᠤ ᠲᠤᠭᠲᠠᠭᠰᠠᠨ ᠡᠮᠨᠡᠯᠭᠡ ᠶᠢᠨ ᠬᠤᠷᠢᠶ᠎ᠠ ᠶᠢ ᠨᠡᠮᠡᠭᠳᠡᠭᠦᠯᠦᠨ᠎ᠡ᠃ | ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠨᠠᠰᠤ ᠨᠢ ᠶᠡᠭᠡ᠂ ᠣᠯᠠᠩᠬᠢ ᠨᠢ ᠰᠠᠭᠤᠷᠢ ᠴᠢᠨᠠᠷᠲᠠᠢ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ | ᠲᠠᠢ ᠪᠠᠶᠢᠵᠤ᠂ ᠡᠮᠨᠡᠯᠭᠡ ᠳᠤ ᠰᠠᠭᠤᠬᠤ ᠴᠠᠭ ᠨᠢ ᠣᠷᠳᠣ ᠪᠠᠶᠢᠳᠠᠭ ᠪᠣᠯᠬᠤᠷ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠪᠡᠳᠴᠢᠨ ᠦᠵᠡᠭᠦᠯᠵᠦ | ᠡᠮᠨᠡᠭᠦᠯᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠡᠮᠨᠡᠯᠭᠡ ᠳᠤ ᠰᠠᠭᠤᠬᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢ 14 ᠪᠣᠯᠭᠠᠨ ᠨᠡᠮᠡᠭᠳᠡᠭᠦᠯᠪᠡ᠃ | ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ᠂ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ | ᠬᠠᠷᠢᠶᠠᠲᠤ ᠡᠮᠨᠡᠯᠭᠡ ᠶᠢᠨ ᠬᠤᠷᠢᠶ᠎ᠠ᠂ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ | ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠴᠡᠷᠢᠭ ᠠᠩᠭᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠠᠩᠭᠢ ᠶᠢᠨ | ᠡᠮᠨᠡᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠬᠠᠮᠲᠤᠷᠠᠭᠰᠠᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠴᠡᠷᠢᠭ ᠠᠩᠭᠢ ᠶᠢᠨ 969ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ | ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ᠂ ᠬᠥᠬᠡᠬᠤᠲᠠ ᠶᠢᠨ ᠬᠢᠲᠠᠳ ᠮᠣᠩᠭᠤᠯ ᠡᠮᠨᠡᠯᠭᠡ ᠶᠢᠨ | ᠬᠤᠷᠢᠶ᠎ᠠ᠂ ᠬᠥᠬᠡᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷᠪᠡᠳᠦᠭᠡᠷ ᠡᠮᠨᠡᠯᠭᠡ ᠶᠢᠨ | ᠬᠤᠷᠢᠶ᠎ᠠ᠂ ᠦᠪᠦᠷ ᠮᠣᠩᠭᠤᠯ ᠤᠨ ᠴᠣᠣ ᠵᠢᠥᠢ ᠨᠢᠳᠦᠨ ᠤ ᠡᠮᠨᠡᠯᠭᠡ ᠶᠢᠨ ᠬᠤᠷᠢᠶ᠎ᠠ︶ | ︵ᠬᠤᠶᠠᠷ︶ ᠬᠡᠷᠡᠭᠵᠢᠭᠦᠯᠵᠦ ᠪᠠᠶᠢᠭ᠎ᠠ ︽ᠡᠮ ᠤᠨ ᠵᠦᠢᠯ ᠤᠨ ᠭᠠᠷᠴᠠᠭ︾ ᠢ ᠲᠡᠭᠦᠯᠳᠡᠷᠵᠢᠭᠦᠯᠦᠨ ᠵᠢᠷᠤᠮᠵᠢᠭᠤᠯᠪᠠ᠃ ᠠᠵᠢᠯ ᠠᠴᠠ ᠪᠠᠨ | ᠳᠠᠷᠬᠠᠯᠠᠭᠳᠠᠭᠰᠠᠨ ᠺᠠᠳ᠋ᠷᠴᠤᠳ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ︽ᠣᠨᠣᠰᠢᠯᠠᠨ ᠡᠮᠨᠡᠬᠦ | ᠲᠥᠷᠥᠯ ᠵᠦᠢᠯ ᠤᠨ ᠬᠦᠷᠢᠶ᠎ᠡ ᠬᠡᠪᠴᠢᠶ᠎ᠡ︾᠂ ︽ᠡᠮᠴᠢᠯᠡᠭᠡᠨ ᠤ ᠦᠢᠯᠡᠴᠢᠯᠡᠭᠡᠨ ᠤ ᠪᠡᠯᠡᠳᠭᠡᠮᠵᠢᠲᠦ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠ ᠲᠥᠯᠥᠬᠦ | ᠪᠠᠷᠢᠮᠵᠢᠶ᠎ᠠ︾ ᠪᠠ ︽ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ | ᠳᠠᠭᠠᠳᠬᠠᠯ ᠤᠨ ᠡᠮ ᠤᠨ ᠵᠦᠢᠯ ᠤᠨ ᠭᠠᠷᠴᠠᠭ︾ ᠲᠤ ᠨᠡᠶᠢᠴᠡᠭᠰᠡᠨ ᠪᠠᠶᠢᠬᠤ ᠬᠡᠷᠡᠭᠲᠡᠢ᠂ ᠣᠨᠣᠰᠢᠯᠠᠨ ᠡᠮᠨᠡᠬᠦ ᠲᠥᠷᠥᠯ ᠵᠦᠢᠯ᠂ ᠡᠮ ᠤᠨ ᠵᠦᠢᠯ ᠢ ᠬᠥᠬᠡ | ᠬᠥᠬᠡᠭᠴᠢᠨ ᠲᠥᠷᠥᠯ ᠭᠡᠵᠦ ᠢᠯᠭᠠᠬᠤ ᠦᠭᠡᠢ᠂ ᠰᠢᠭᠤᠳ ᠬᠥᠬᠡ ᠲᠥᠷᠥᠯ ᠢᠶᠠᠷ ᠳ᠋ᠦᠩᠨᠡᠨ ᠪᠤᠳᠤᠵᠤ᠂ ᠭᠠᠷᠴᠠᠭ ᠠᠴᠠ ᠭᠠᠳᠠᠨᠠᠬᠢ ᠣᠨᠣᠰᠢᠯᠠᠨ ᠡᠮᠨᠡᠬᠦ | ᠲᠥᠷᠥᠯ ᠵᠦᠢᠯ ᠪᠠ ᠡᠮ ᠤᠨ ᠵᠦᠢᠯ ᠤᠨ ᠵᠠᠷᠤᠳᠠᠯ ᠢ ᠲᠠᠩᠰᠠ ᠲᠠᠶᠢᠯᠬᠤ ᠦᠭᠡᠢ᠃ | ᠲᠠᠶᠢᠯᠤᠮᠵᠢ ᠬᠢᠭᠰᠡᠨ ᠨᠢ᠄ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ | ᠤᠲᠠᠰᠤ᠄ 0471-2386090 | |