︽ᠭᠤᠣᠯᠲᠤ ᠪᠣᠷᠣ ᠶᠢ ᠦᠨᠳᠦᠰᠦᠯᠡᠭᠦᠯᠵᠦ ᠬᠥᠬᠡᠬᠤᠲᠠ ᠳᠤ ᠦᠢᠯᠡᠰ ᠪᠣᠰᠬᠠᠬᠤ︾ ᠨᠠᠮᠤᠷ ᠤᠨ ᠤᠯᠠᠷᠢᠯ ᠤᠨ ᠴᠢᠳᠠᠪᠤᠷᠢᠲᠠᠨ ᠤᠷᠢᠬᠤ ᠴᠤᠭᠯᠠᠭᠠᠨ ᠶᠠᠪᠤᠭᠳᠠᠪᠠ
ᠨᠡᠶᠢᠲᠡᠯᠡᠭᠰᠡᠨ ᠴᠠᠭ᠄
2023/9/19
20230919-3.jpg
      ᠲᠦᠷᠦᠭᠦᠬᠡᠨ᠂ ︽ᠭᠤᠣᠯᠲᠤ ᠪᠣᠷᠣ ᠶᠢ ᠦᠨᠳᠦᠰᠦᠯᠡᠭᠦᠯᠵᠦ ᠬᠥᠬᠡᠬᠤᠲᠠ ᠳᠤ ᠦᠢᠯᠡᠰ ᠪᠣᠰᠬᠠᠬᠤ︾ ᠨᠠᠮᠤᠷ ᠤᠨ ᠤᠯᠠᠷᠢᠯ ᠤᠨ ᠴᠢᠳᠠᠪᠤᠷᠢᠲᠠᠨ ᠤᠷᠢᠬᠤ ᠴᠤᠭᠯᠠᠭᠠᠨ ᠬᠤᠲᠣᠩ ᠠᠷᠠᠳ ᠤᠨ ᠲᠣᠭᠤᠷᠢᠭ ᠤᠨ ᠸᠠᠨ ᠳ᠋ᠠ ᠬᠤᠳᠠᠯᠳᠤᠭᠠᠨ ᠤ ᠲᠣᠭᠤᠷᠢᠭ ᠲᠤ ᠶᠠᠪᠤᠭᠳᠠᠪᠠ᠃      ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ︽ᠰᠥᠨᠢ ᠶᠢᠨ ᠵᠠᠬ᠎ᠠ ᠳᠡᠯᠭᠡᠭᠦᠷ + ᠠᠵᠢᠯᠲᠠᠨ ᠡᠯᠰᠡᠬᠦ︾ ᠬᠡᠯᠪᠡᠷᠢ ᠶᠢ ᠠᠪᠴᠤ᠂ ᠨᠡᠶᠢᠭᠡᠮ ᠤᠨ ᠬᠥᠮᠥᠰ᠂ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ ᠵᠡᠷᠭᠡ ᠬᠥᠮᠥᠰ ᠤᠨ ᠣᠯᠠᠨ ᠡᠰᠢᠴᠢᠯᠡᠭᠰᠡᠨ ᠠᠵᠢᠯ ᠡᠷᠢᠬᠦ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠴᠢᠳᠠᠪᠤᠷᠢᠲᠠᠨ ᠤ ᠲᠥᠷᠥ ᠶᠢᠨ ᠪᠣᠳᠣᠯᠭ᠎ᠠ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ᠂ ᠠᠵᠢᠯ ᠣᠯᠬᠤ ᠳᠠᠳᠤᠯᠭ᠎ᠠ ᠶᠢᠨ ᠲᠥᠷᠥ ᠶᠢᠨ ᠪᠣᠳᠣᠯᠭ᠎ᠠ ᠵᠡᠷᠭᠡ ᠠᠭᠤᠯᠭ᠎ᠠ ᠶᠢ ᠠᠵᠢᠯᠲᠠᠨ ᠡᠯᠰᠡᠬᠦ ᠴᠤᠭᠯᠠᠭᠠᠨ ᠤ ᠪᠥᠬᠦ ᠶᠠᠪᠤᠴᠠ ᠳᠤ ᠠᠭᠤᠰᠬᠠᠨ ᠣᠷᠣᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠭᠵᠢᠭᠦᠯᠬᠦ ᠳᠤ ᠬᠦᠴᠦᠨ ᠨᠡᠮᠡᠷᠢᠯᠡᠪᠡ᠃ ᠰᠤᠷᠪᠤᠯᠵᠢᠯᠠᠭᠴᠢ ᠴᠢ ᠰᠢᠶᠣᠣ ᠶᠠᠨ ᠴᠢᠮᠡᠭᠡᠯᠡᠭᠴᠢ ᠰᠢᠦᠢ ᠶᠠᠨ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ