︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠲᠠ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠴᠠᠭ | ᠢᠮᠠᠭᠲᠠ ᠪᠠᠷᠢᠮᠲᠠᠯᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠡᠷᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠠᠬᠢᠴᠠ ᠶᠢ ᠦᠷᠭᠦᠯᠵᠢᠯᠡᠨ ᠠᠬᠢᠭᠤᠯᠪᠠ᠃ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠡᠨᠡ ᠵᠢᠯ᠂ ᠮᠠᠨ ᠤ ᠬᠤᠲᠠ 62 ᠰᠤᠷᠭᠠᠨ | ᠬᠥᠮᠦᠵᠢᠯ ᠤᠨ ᠲᠥᠷᠥᠯ ᠵᠦᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 161.23 ᠳ᠋ᠦᠩᠰᠢᠭᠤᠷ ᠲᠥᠭᠦᠷᠢᠭ | ᠬᠦᠷᠴᠦ᠂ ᠵᠢᠯ ᠤᠨ ᠲᠦᠯᠦᠪᠯᠡᠭᠰᠡᠨ ᠪᠡᠯᠡ ᠣᠷᠣᠭᠤᠯᠤᠯᠲᠠ ᠨᠢ 46.31 ᠳ᠋ᠦᠩᠰᠢᠭᠤᠷ ᠲᠥᠭᠦᠷᠢᠭ ᠬᠦᠷᠪᠡ᠃ 8 ᠳ᠋ᠤᠭᠠᠷ ᠰᠠᠷ᠎ᠠ ᠶᠢᠨ ᠡᠴᠦᠰ ᠪᠣᠯᠲᠠᠯ᠎ᠠ | ᠨᠢᠭᠡᠨᠲᠡ 27.53 ᠳ᠋ᠦᠩᠰᠢᠭᠤᠷ ᠲᠥᠭᠦᠷᠢᠭ ᠢ ᠪᠡᠶᠡᠯᠡᠭᠦᠯᠵᠡᠢ᠃ ᠡᠭᠦᠨ ᠳᠤ᠂ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | 9᠂ ᠶᠡᠷᠦᠩᠬᠡᠢ ᠪᠡᠯᠡ ᠣᠷᠣᠭᠤᠯᠤᠯᠲᠠ 6.2 ᠳ᠋ᠦᠩᠰᠢᠭᠤᠷ ᠲᠥᠭᠦᠷᠢᠭ︔ ᠪᠠᠭ᠎ᠠ ᠰᠤᠷᠭᠠᠭᠤᠯᠢ ᠶᠢᠨ ᠲᠥᠷᠥᠯ ᠵᠦᠢᠯ 14᠂ ᠶᠡᠷᠦᠩᠬᠡᠢ ᠪᠡᠯᠡ | ᠣᠷᠣᠭᠤᠯᠤᠯᠲᠠ ᠨᠢ 12.36 ᠳ᠋ᠦᠩᠰᠢᠭᠤᠷ ᠲᠥᠭᠦᠷᠢᠭ︔ ᠳᠤᠮᠳᠠᠳᠤ ᠰᠤᠷᠭᠠᠭᠤᠯᠢ ᠶᠢᠨ ᠲᠥᠷᠥᠯ ᠵᠦᠢᠯ 20᠂ ᠶᠡᠷᠦᠩᠬᠡᠢ ᠪᠡᠯᠡ ᠣᠷᠣᠭᠤᠯᠤᠯᠲᠠ ᠨᠢ 44. | 16 ᠳ᠋ᠦᠩᠰᠢᠭᠤᠷ ᠲᠥᠭᠦᠷᠢᠭ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠵᠦᠢᠯ 5᠂ ᠶᠡᠷᠦᠩᠬᠡᠢ ᠪᠡᠯᠡ ᠣᠷᠣᠭᠤᠯᠤᠯᠲᠠ ᠨᠢ 46.84 | ᠳ᠋ᠦᠩᠰᠢᠭᠤᠷ ᠲᠥᠭᠦᠷᠢᠭ︔ ᠪᠤᠰᠤᠳ ᠰᠤᠷᠭᠠᠨ ᠬᠥᠮᠦᠵᠢᠯ ᠤᠨ ᠲᠥᠷᠥᠯ ᠵᠦᠢᠯ 14᠂ ᠶᠡᠷᠦᠩᠬᠡᠢ ᠪᠡᠯᠡ ᠣᠷᠣᠭᠤᠯᠤᠯᠲᠠ ᠨᠢ 51.67 ᠳ᠋ᠦᠩᠰᠢᠭᠤᠷ | ᠲᠥᠭᠦᠷᠢᠭ ᠪᠣᠯᠣᠨ᠎ᠠ᠃ | ᠭᠤᠣᠯᠳᠠᠯᠭ᠎ᠠ ᠲᠠᠢ ᠰᠤᠷᠭᠠᠨ ᠬᠥᠮᠦᠵᠢᠯ ᠤᠨ ᠲᠥᠷᠥᠯ ᠵᠦᠢᠯ ᠤᠨ ᠳᠣᠲᠣᠷ᠎ᠠ᠂ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠴᠡᠯᠡᠭᠡᠷ | ᠲᠠᠯ᠎ᠠ ᠬᠤᠪᠢᠶᠠᠷᠢ ᠰᠤᠷᠭᠠᠭᠤᠯᠢ ᠶᠢᠨ ᠲᠥᠷᠥᠯ ᠵᠦᠢᠯ ᠳᠤ 60 ᠪᠠᠷᠢᠮᠵᠢᠶ᠎ᠠ ᠠᠩᠭᠢ ᠲᠥᠯᠥᠪᠯᠡᠵᠦ᠂ ᠰᠣᠷᠣᠭᠴᠢ ᠶᠢᠨ ᠲᠤᠭ᠎ᠠ ᠨᠢ 3300 ᠬᠥᠮᠥᠨ᠃ 8 | ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠵᠢᠭᠠᠨ ᠰᠤᠷᠭᠠᠯᠲᠠ ᠶᠢᠨ ᠲᠣᠭᠤᠷᠢᠭ ᠤᠨ ᠵᠢᠭᠠᠨ ᠰᠤᠷᠭᠠᠯᠲᠠ ᠶᠢᠨ ᠠᠰᠠᠷ᠂ ᠳᠠᠭᠤᠤ ᠬᠥᠭᠵᠢᠮ ᠤᠨ ᠤᠷᠠᠯᠢᠭ ᠤᠨ | ᠠᠰᠠᠷ᠂ ᠲᠤᠷᠰᠢᠯᠲᠠ ᠶᠢᠨ ᠠᠰᠠᠷ᠂ ᠪᠡᠶ᠎ᠡ ᠶᠢᠨ ᠲᠠᠮᠢᠷ ᠤᠨ ᠣᠷᠳᠣᠨ ᠤ ᠳᠡᠭᠡᠪᠦᠷ ᠢ ᠨᠢᠭᠡᠨᠲᠡ ᠳᠡᠭᠡᠪᠦᠷᠯᠡᠵᠦ᠂ ᠵᠢᠱᠢᠯᠲᠡ ᠪᠠᠷ 2024 ᠣᠨ ᠤ 5 ᠳ᠋ᠤᠭᠠᠷ | ᠰᠠᠷ᠎ᠠ ᠳᠤ ᠪᠠᠷᠢᠵᠤ ᠳᠠᠭᠤᠰᠬᠠᠨ᠎ᠠ︔ ᠠᠮᠢᠳᠤᠷᠠᠯ ᠤᠨ ᠲᠣᠭᠤᠷᠢᠭ ᠤᠨ ᠰᠣᠷᠣᠭᠴᠢ ᠶᠢᠨ ᠪᠠᠶᠢᠷᠢ᠂ ᠪᠠᠭᠰᠢ ᠶᠢᠨ ᠨᠡᠶᠢᠲᠡ ᠶᠢᠨ ᠪᠠᠶᠢᠷᠢ᠂ ᠬᠤᠭᠤᠯᠠᠨ ᠭᠡᠷ ᠤᠨ | ᠪᠠᠷᠢᠯᠭ᠎ᠠ ᠶᠠᠭ ᠰᠠᠭᠤᠷᠢ ᠲᠠᠯᠪᠢᠵᠤ ᠪᠣᠶ᠂ ᠵᠢᠱᠢᠯᠲᠡ ᠪᠠᠷ 2024 ᠣᠨ ᠤ 8 ᠳ᠋ᠤᠭᠠᠷ ᠰᠠᠷ᠎ᠠ ᠳᠤ ᠪᠠᠷᠢᠵᠤ ᠳᠠᠭᠤᠰᠬᠠᠨ᠎ᠠ᠃ ᠬᠤᠲᠠ ᠶᠢᠨ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠳᠤ 5 ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ | ᠲᠥᠯᠥᠪᠵᠢᠭᠦᠯᠦᠨ ᠪᠠᠶᠢᠭᠤᠯᠵᠤ᠂ ᠰᠣᠷᠣᠭᠴᠢ ᠶᠢᠨ ᠲᠤᠭ᠎ᠠ 2.88 ᠲᠦᠮᠡ ᠬᠦᠷᠦᠨ᠎ᠡ᠃ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠲᠦᠷ ᠴᠠᠭ ᠤᠨ | ᠵᠠᠮ ᠤᠨ ᠪᠠᠷᠢᠯᠭ᠎ᠠ᠂ ᠲᠦᠷ ᠴᠠᠭ ᠤᠨ ᠪᠠᠷᠢᠯᠭ᠎ᠠ ᠶᠢᠨ ᠠᠵᠢᠯ ᠢ ᠨᠢᠭᠡᠨᠲᠡ ᠳᠠᠭᠤᠰᠬᠠᠵᠤ᠂ ᠵᠢᠭᠠᠨ ᠰᠤᠷᠭᠠᠯᠲᠠ ᠶᠢᠨ ᠠᠰᠠᠷ ᠤᠨ ᠳᠡᠪᠢᠰᠦᠭᠰᠡᠨ ᠳᠠᠪᠬᠤᠷᠭ᠎ᠠ ᠶᠢ | ᠬᠠᠲᠠᠭᠤᠷᠠᠭᠤᠯᠬᠤ ᠵᠢᠴᠢ ᠦᠵᠡᠭᠴᠢᠳ ᠤᠨ ᠲᠠᠶᠢᠰᠠᠨ ᠤ ᠰᠢᠷᠣᠢ ᠳᠡᠪᠢᠰᠬᠦ ᠵᠡᠷᠭᠡ ᠠᠵᠢᠯ ᠢ ᠶᠠᠭ ᠬᠢᠵᠦ ᠪᠤᠢ᠃ |