ᠬᠤᠲᠣᠩ ᠠᠷᠠᠳ ᠤᠨ ᠲᠣᠭᠤᠷᠢᠭ ᠪᠣᠯᠣᠨ ᠰᠢᠨ᠎ᠡ ᠬᠤᠳᠠ ᠲᠣᠭᠤᠷᠢᠭ ᠬᠠᠮᠲᠤᠷᠠᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠣᠷᠣᠨ ᠪᠦᠰᠡ ᠠᠯᠤᠰᠯᠠᠨ ᠲᠣᠰᠬᠤᠨ ᠢᠶᠠᠷ ᠶᠠᠪᠤᠵᠤ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/22
20230922.jpg
      ᠣᠶᠢᠷ᠎ᠠ ᠶᠢᠨ ᠡᠳᠦᠷ᠂ ᠬᠤᠲᠣᠩ ᠠᠷᠠᠳ ᠤᠨ ᠲᠣᠭᠤᠷᠢᠭ ᠪᠣᠯᠣᠨ ᠰᠢᠨ᠎ᠡ ᠬᠤᠳᠠ ᠲᠣᠭᠤᠷᠢᠭ ᠬᠠᠮᠲᠤᠷᠠᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠣᠷᠣᠨ ᠪᠦᠰᠡ ᠠᠯᠤᠰᠯᠠᠨ ᠲᠣᠰᠬᠤᠨ ᠢᠶᠠᠷ ᠶᠠᠪᠤᠵᠤ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠵᠡᠢ᠃      ᠬᠤᠲᠣᠩ ᠠᠷᠠᠳ ᠤᠨ ᠲᠣᠭᠤᠷᠢᠭ ᠤᠨ ᠵᠡᠭᠦᠨ ᠪᠠᠷᠠᠭᠤᠨ ᠤᠰᠤᠲᠤ ᠲᠣᠰᠬᠤᠨ ᠳᠤ᠂ ᠠᠵᠢᠯᠯᠠᠭ᠎ᠠ ᠳᠤ ᠣᠷᠣᠯᠴᠠᠭᠰᠠᠳ ︽ᠵᠣᠯ ᠵᠢᠷᠭᠠᠯ ᠤᠨ ᠮᠣᠳᠣᠨ ᠤ ᠳᠣᠣᠷ᠎ᠠ︾ ᠣᠨᠴᠠᠯᠢᠭᠲᠤ ᠨᠠᠷᠠᠲᠤ ᠲᠡᠮᠳᠡᠭᠲᠦ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ᠂ ᠠᠶᠢᠯ ᠲᠣᠰᠬᠤᠨ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠰᠢᠨ᠎ᠡ ᠬᠤᠳᠠ ᠲᠣᠭᠤᠷᠢᠭ ᠤᠨ ᠰᠡᠩᠭᠡ ᠠᠶᠢᠯ ᠲᠣᠰᠬᠤᠨ ᠪᠣᠯᠣᠨ ᠤᠰᠤᠨ ᠲᠡᠭᠡᠷᠮ᠎ᠡ ᠲᠣᠰᠬᠤᠨ ᠳᠤ᠂ ᠠᠵᠢᠯᠯᠠᠭ᠎ᠠ ᠳᠤ ᠣᠷᠣᠯᠴᠠᠭᠰᠠᠳ ᠲᠤᠬᠠᠢ ᠶᠢᠨ ᠭᠠᠵᠠᠷ ᠲᠤ ︽ᠨᠠᠮ ᠤᠨ ᠡᠭᠦᠷ + ᠲᠠᠷᠢᠶᠠᠴᠢᠨ ᠡᠷᠦᠭᠡ + ᠬᠤᠷᠰᠢᠶ᠎ᠠ︾ ᠶᠢᠨ ᠬᠥᠭᠵᠢᠯᠲᠡ ᠶᠢᠨ ᠠᠷᠭ᠎ᠠ ᠵᠠᠮ᠂ ᠠᠮᠢ ᠠᠬᠤᠢ ᠶᠢᠨ ᠰᠠᠭᠤᠬᠤ ᠳᠤ ᠲᠣᠬᠢᠷᠠᠮᠵᠢᠲᠠᠢ ᠠᠷᠠᠳ ᠤᠨ ᠵᠠᠩ ᠳᠠᠳᠬᠠᠯ ᠰᠣᠶᠣᠯ ᠤᠨ ᠣᠨᠴᠠᠯᠢᠭᠲᠤ ᠵᠢᠭᠤᠯᠴᠢᠯᠠᠯ ᠤᠨ ᠦᠢᠯᠡᠰ ᠤᠨ ᠬᠠᠮᠢᠶ᠎ᠠ ᠪᠦᠬᠦᠢ ᠪᠠᠶᠢᠳᠠᠯ ᠢ ᠲᠣᠭᠤᠷᠢᠨ ᠦᠵᠡᠵᠦ᠂ ᠲᠣᠭᠤᠷᠢᠨ ᠦᠵᠡᠬᠦ 4 ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠤᠬᠠᠢ ᠶᠢᠨ ᠲᠠᠯᠠᠪᠠᠢ ᠳᠤ ᠲᠤᠷᠰᠢᠯᠭ᠎ᠠ ᠠᠷᠭ᠎ᠠ ᠪᠠᠷᠢᠯ ᠢᠶᠠᠨ ᠲᠠᠶᠢᠯᠪᠤᠷᠢᠯᠠᠨ ᠬᠤᠪᠢᠶᠠᠯᠴᠠᠪᠠ᠃      ᠲᠣᠭᠤᠷᠢᠨ ᠦᠵᠡᠬᠦ ᠶᠠᠪᠤᠴᠠ ᠳᠤ᠂ ᠬᠤᠷᠠᠯ ᠳᠤ ᠣᠷᠣᠯᠴᠠᠭᠰᠠᠳ ᠶᠠᠪᠤᠬᠤ ᠶᠢᠨ ᠳᠠᠭᠠᠤ ᠰᠣᠨᠣᠰᠴᠤ᠂ ᠦᠵᠡᠬᠦ ᠶᠢᠨ ᠳᠠᠭᠠᠤ ᠰᠤᠷᠤᠯᠴᠠᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠠᠵᠢᠯᠯᠠᠭ᠎ᠠ ᠨᠢ ᠡᠯ᠎ᠡ ᠲᠣᠰᠬᠤᠨ ᠳᠤ ᠬᠠᠷᠢᠯᠴᠠᠨ ᠠᠷᠭ᠎ᠠ ᠲᠤᠷᠰᠢᠯᠭ᠎ᠠ ᠪᠠᠨ ᠰᠣᠯᠢᠯᠴᠠᠬᠤ ᠰᠠᠶᠢᠨ ᠰᠠᠶᠢᠬᠠᠨ ᠲᠠᠪᠴᠠᠩ ᠢ ᠪᠠᠶᠢᠭᠤᠯᠵᠤ᠂ ᠬᠤᠶᠢᠰᠢᠳᠠ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠰᠢᠨ᠎ᠡ ᠰᠡᠳᠬᠢᠴᠡ᠂ ᠰᠢᠨ᠎ᠡ ᠠᠷᠭ᠎ᠠ ᠵᠠᠮ ᠬᠠᠩᠭᠠᠵᠠᠢ ᠭᠡᠵᠦ ᠢᠯᠡᠳᠬᠡᠵᠡᠭᠡᠪᠡ᠃ ᠰᠤᠷᠪᠤᠯᠵᠢᠯᠠᠭᠴᠢ ᠴᠢ ᠰᠢᠶᠣᠣ ᠶᠠᠨ ᠴᠢᠮᠡᠭᠡᠯᠡᠭᠴᠢ ᠵᠠᠩ ᠸᠧᠢ ᠯᠢᠶᠠᠩ ᠺᠦᠨ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ