ᠵᠢᠶᠠᠩ ᠬᠤᠸᠠ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ | ︵ᠰᠤᠷᠪᠤᠯᠵᠢᠯᠠᠭᠴᠢ ᠶᠦᠨ ᠵᠢᠩ︶ 9 ᠳ᠋ᠦ᠋ᠭᠡᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠲᠣᠩ ᠠᠷᠠᠳ ᠤᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠣᠯ ᠰᠡᠳᠦᠪᠲᠦ ᠬᠥᠮᠦᠵᠢᠯ ᠤᠨ | ᠠᠵᠢᠯ ᠢ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠤᠷᠢᠨ ᠰᠢᠮᠳᠠᠭᠤᠯᠤᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠵᠢᠶᠠᠩ ᠬᠤᠸᠠ ᠬᠠᠮᠲᠤ ᠪᠠᠷ | ᠪᠠᠶᠢᠴᠠᠭᠠᠨ ᠰᠤᠳᠤᠯᠤᠯᠲᠠ ᠬᠢᠪᠡ᠃ | ᠪᠣᠣ ᠭᠠᠩ ᠡᠩ ᠲᠡᠷᠢᠭᠦᠨ ᠳᠤ ᠭᠤᠣᠯ ᠰᠡᠳᠦᠪᠲᠦ ᠬᠥᠮᠦᠵᠢᠯ ᠤᠨ ᠬᠠᠷᠢᠯᠴᠠᠬᠤ ᠴᠡᠭ ᠰᠠᠨ ᠱᠦᠨ ᠳ᠋ᠢᠶᠠᠨ ᠨᠡᠶᠢᠭᠡᠮ ᠲᠣᠭᠤᠷᠢᠭ ᠲᠤ ᠬᠦᠷᠴᠦ᠂ ᠭᠤᠣᠯ ᠰᠡᠳᠦᠪᠲᠦ | ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠬᠢᠨ ᠭᠤᠣᠯ ᠰᠡᠳᠦᠪᠲᠦ ᠬᠥᠮᠦᠵᠢᠯ ᠢ ᠬᠡᠷᠬᠢᠨ | ᠰᠠᠶᠢᠲᠤᠷ ᠥᠷᠨᠢᠭᠦᠯᠬᠦ ᠲᠤᠬᠠᠢ ᠤᠯᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠡᠷᠡ ᠬᠡᠯᠡᠬᠦ ᠳᠡᠭᠡᠨ᠂ ᠨᠡᠶᠢᠭᠡᠮ ᠲᠣᠭᠤᠷᠢᠭ ᠨᠢᠭᠡ ᠲᠠᠯ᠎ᠠ ᠪᠠᠷ ᠨᠠᠮ ᠤᠨ ᠬᠤᠷᠢᠶ᠎ᠠ ᠵᠠᠰᠠᠭ ᠤᠨ | ᠣᠷᠳᠣᠨ ᠲᠠᠢ ᠬᠤᠯᠪᠣᠯᠳᠤᠵᠤ᠂ ᠨᠦᠭᠦᠭᠡ ᠲᠠᠯ᠎ᠠ ᠪᠠᠷ ᠲᠦᠭ ᠲᠦᠮᠡᠨ ᠠᠶᠢᠯ ᠡᠷᠦᠬᠡ ᠲᠠᠢ ᠬᠤᠯᠪᠣᠯᠳᠤᠵᠤ ᠪᠠᠶᠢᠳᠠᠭ᠃ ᠨᠡᠶᠢᠭᠡᠮ ᠲᠣᠭᠤᠷᠢᠭ ᠲᠤ ᠭᠤᠣᠯ ᠰᠡᠳᠦᠪᠲᠦ ᠬᠥᠮᠦᠵᠢᠯ ᠢ | ᠥᠷᠨᠢᠭᠦᠯᠬᠦ ᠳᠤ ᠵᠠᠪᠠᠯ ᠪᠣᠳᠠᠲᠤ ᠪᠠᠶᠢᠳᠠᠯ ᠲᠠᠢ ᠣᠶᠢᠷᠠᠲᠤᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ | ᠡᠲᠡᠭᠡᠳ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠬᠥᠮᠥᠨ ᠢ ᠦᠵᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠷᠢᠯᠢᠭ ᠣᠨᠣᠴᠠᠲᠠᠢ ᠪᠠᠷ ᠲᠦᠯᠬᠢᠨ ᠠᠬᠢᠭᠤᠯᠬᠤ ᠬᠡᠷᠡᠭᠲᠡᠢ᠃ ︽ | ᠰᠤᠷᠤᠯᠴᠠᠬᠤ᠂ ᠠᠵᠢᠯᠯᠠᠬᠤ᠂ ᠥᠭᠡᠷᠡᠴᠢᠯᠡᠬᠦ︾ ᠪᠠᠷ ᠭᠤᠣᠯᠳᠠᠯᠭ᠎ᠠ ᠪᠣᠯᠭᠠᠵᠤ᠂ ᠤᠯᠠᠨ ᠲᠦᠮᠡᠨ ᠤ ︽ᠪᠠᠴᠢᠮᠳᠠᠵᠤ᠂ ᠬᠦᠴᠢᠷᠳᠡᠵᠦ᠂ ᠵᠣᠪᠠᠵᠤ᠂ ᠬᠦᠰᠡᠵᠦ ᠰᠠᠨᠠᠭᠰᠠᠨ︾ | ᠠᠰᠠᠭᠤᠳᠠᠯ ᠢ ᠰᠢᠢᠳᠪᠦᠷᠢᠯᠡᠬᠦ ᠪᠠ ︽ᠠᠷᠠᠳ ᠤᠯᠠᠨ ᠤ ᠠᠰᠢᠭ ᠬᠦᠷᠲᠡᠭᠰᠡᠨ ᠲᠥᠷᠥᠭᠳᠡᠯ︾ ᠢᠶᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠴᠢᠬᠤᠯᠠ | ᠪᠠᠷᠢᠮᠵᠢᠶ᠎ᠠ ᠪᠣᠯᠭᠠᠵᠤ᠂ ᠦᠨᠳᠦᠰᠦᠨ ᠱᠠᠲᠤᠨ ᠤ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠭᠦᠯᠬᠦ ᠬᠡᠷᠡᠭᠲᠡᠢ | ᠭᠡᠵᠡᠢ᠃ | ᠲᠠᠷᠠᠭ᠎ᠠ ᠨᠢ᠂ ᠪᠣᠣ ᠭᠠᠩ ᠭᠤᠯᠣᠮᠲᠠ ᠨᠡᠶᠢᠭᠡᠮ ᠲᠣᠭᠤᠷᠢᠭ ᠪᠣᠯᠣᠨ ᠹᠧᠢ ᠶᠢᠩ ᠠᠷᠠᠭᠠᠲᠤ ᠬᠦᠷᠳᠦᠨ ᠤ ᠦᠢᠯᠡᠳᠪᠦᠷᠢ ᠶᠢᠨ ᠬᠤᠷᠢᠶᠠᠯᠠᠯ ᠳᠤ ᠬᠦᠷᠴᠦ᠂ ︽ᠵᠠᠬᠢᠳᠠᠯ | ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ︾ ᠵᠢᠴᠢ ᠠᠳᠠᠯ ᠠᠬᠤᠢ ᠶᠢᠨ ᠬᠠᠮᠢᠶᠠᠷᠤᠯᠲᠠ ᠵᠡᠷᠭᠡ ᠠᠵᠢᠯ ᠢ ᠪᠠᠶᠢᠴᠠᠭᠠᠨ ᠦᠵᠡᠪᠡ᠃ ᠯᠢᠦᠢ ᠮᠧᠩ ᠴᠢᠩ ᠳ᠋ᠢᠩ ᠮᠠᠰᠢᠨ | ᠲᠡᠷᠭᠡᠨ ᠤ ᠬᠤᠲᠠ ᠳᠤ᠂ ᠮᠠᠰᠢᠨ ᠲᠡᠷᠭᠡᠨ ᠤ ᠬᠤᠲᠠ ᠶᠢᠨ ᠪᠦᠲᠦᠭᠡᠨ ᠪᠠᠶᠢᠭᠤᠯᠤᠯᠲᠠ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ | ᠃ | ᠪᠠᠶᠢᠴᠠᠭᠠᠨ ᠰᠤᠳᠤᠯᠤᠯᠲᠠ ᠳᠤᠮᠳᠠ᠂ ᠪᠣᠣ ᠭᠠᠩ ᠬᠤᠲᠣᠩ ᠠᠷᠠᠳ ᠤᠨ ᠲᠣᠭᠤᠷᠢᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠵᠢᠴᠢ ᠳᠠᠷᠠᠭᠠᠴᠢ ᠶᠢᠨ | ᠱᠠᠲᠤᠨ ᠤ ᠭᠤᠣᠯᠳᠠᠯᠭ᠎ᠠ ᠲᠠᠢ ᠠᠵᠢᠯ ᠢ ᠲᠥᠯᠥᠪᠵᠢᠭᠦᠯᠦᠨ ᠠᠬᠢᠭᠤᠯᠤᠭᠰᠠᠨ ᠪᠠᠶᠢᠳᠠᠯ ᠢ ᠰᠣᠨᠣᠰᠪᠠ᠃ ᠲᠡᠷᠡ ᠴᠢᠬᠤᠯᠠᠴᠢᠯᠠᠬᠤ ᠳᠠᠭᠠᠨ᠂ ᠬᠤᠲᠣᠩ ᠠᠷᠠᠳ ᠤᠨ ᠲᠣᠭᠤᠷᠢᠭ ᠤᠨ | ᠬᠢᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ | ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠨᠡᠪᠳᠡᠷᠡᠳᠡᠯ᠎ᠠ ᠣᠶᠢᠯᠠᠭᠠᠵᠤ᠂ ᠤᠴᠢᠷ ᠰᠢᠯᠲᠠᠭᠠᠨ ᠢ ᠨᠢ ᠮᠡᠳᠡᠵᠦ᠂ ᠵᠢᠮ᠎ᠡ ᠶᠣᠰᠣ ᠶᠢ ᠡᠵᠡᠮᠰᠢᠵᠦ᠂ ᠦᠨᠡᠨ ᠰᠤᠷᠤᠯᠴᠠᠵᠤ ᠦᠨᠡᠨ ᠢᠲᠡᠭᠡᠵᠦ ᠦᠨᠡᠨ ᠬᠡᠷᠡᠭᠯᠡᠵᠦ᠂ | ᠰᠤᠷᠤᠯᠴᠠᠬᠤ ᠪᠠᠷ ᠰᠦᠭ ᠰᠦᠨᠡᠰᠦ ᠶᠢ ᠱᠤᠭᠤᠵᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ ᠬᠡᠷᠡᠭᠲᠡᠢ᠃ ᠪᠣᠳᠠᠲᠠᠢ ᠲᠠᠢ ᠤᠶᠠᠯᠳᠤᠭᠤᠯᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠬᠦ ᠳᠤᠮᠳᠠ ᠠᠰᠠᠭᠤᠳᠠᠯ ᠢ ᠣᠨᠣᠪᠴᠢᠲᠠᠢ ᠡᠷᠢᠵᠦ᠂ ᠪᠠᠶᠢᠴᠠᠭᠠᠨ ᠦᠵᠡᠵᠦ ᠴᠡᠭᠴᠡᠯᠡᠨ | ᠰᠠᠶᠢᠵᠢᠷᠠᠭᠤᠯᠬᠤ ᠳᠤᠮᠳᠠ ᠠᠰᠠᠭᠤᠳᠠᠯ ᠢ ᠰᠢᠢᠳᠪᠦᠷᠢᠯᠡᠵᠦ᠂ ᠰᠤᠷᠤᠯᠴᠠᠬᠤ ᠳᠤᠮᠳᠠ ᠪᠠᠨ ᠠᠵᠢᠯᠯᠠᠵᠤ᠂ ᠰᠤᠷᠤᠯᠴᠠᠬᠤ ᠳᠤᠮᠳᠠ ᠪᠠᠨ ᠰᠤᠷᠤᠯᠴᠠᠵᠤ᠂ ᠰᠤᠷᠤᠯᠴᠠᠯᠭ᠎ᠠ ᠪᠠᠷ ᠰᠤᠷᠲᠠᠯ ᠢ | ᠲᠥᠪ ᠪᠣᠯᠭᠠᠵᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠬᠡᠷᠡᠭᠲᠡᠢ᠃ ᠣᠨᠴᠠᠯᠢᠭᠲᠤ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠦᠢᠯᠡᠰ ᠢ ᠬᠦᠴᠦᠷᠬᠡᠭᠵᠢᠭᠦᠯᠵᠦ᠂ | ᠤᠳᠤ ᠦᠶ᠎ᠡ ᠶᠢᠨ ᠳᠡᠭᠡᠳᠦ ᠲᠡᠰ ᠤᠨ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ ᠠᠮᠢᠳᠤᠯᠢᠭᠵᠢᠭᠤᠯᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠴᠢᠨᠠᠷ | ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ ᠬᠤᠳᠠ ᠶᠢᠨ ︽ᠠᠮᠢᠳᠤᠷᠠᠯ ᠤᠨ ᠠᠭᠤᠷ ᠠᠮᠢᠰᠬᠤᠯ︾ ᠳᠤᠮᠳᠠ ︽ᠰᠥᠨᠢ ᠶᠢᠨ ᠠᠵᠤ ᠠᠬᠤᠢ︾᠂ ︽ ᠰᠢᠨ᠎ᠡ ᠣᠨ ᠢᠶᠠᠨ | ᠣᠭᠲᠤᠬᠤ ᠠᠵᠤ ᠠᠬᠤᠢ︾᠂ ︽ᠰᠦᠯᠵᠢᠶᠡᠨ ᠤ ᠬᠠᠯᠠᠮᠰᠢᠯ ᠭᠠᠵᠠᠷ ᠤᠨ ᠵᠢᠭᠤᠯᠴᠢᠯᠠᠯ ᠤᠨ ᠠᠵᠤ ᠠᠬᠤᠢ︾ ᠶᠢ ᠰᠠᠶᠢᠲᠤᠷ ᠬᠥᠭᠵᠢᠭᠦᠯᠵᠦ᠂ ᠬᠠᠭᠤᠴᠢᠨ ᠬᠤᠳᠠ ᠶᠢᠨ | ᠲᠣᠭᠤᠷᠢᠭ ᠤᠨ ᠰᠢᠨ᠎ᠡ ᠲᠠᠲᠠᠬᠤ ᠬᠦᠴᠦᠨ ᠢ ᠲᠠᠰᠤᠷᠠᠯᠳᠠ ᠦᠭᠡᠢ ᠪᠠᠳᠠᠷᠠᠭᠤᠯᠬᠤ ᠬᠡᠷᠡᠭᠲᠡᠢ᠃ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ | ᠲᠡᠭᠦᠯᠳᠡᠷᠵᠢᠭᠦᠯᠵᠦ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠣᠳᠠᠲᠠᠢ ᠠᠳᠬᠤᠵᠤ᠂ ᠰᠤᠷᠭᠠᠨ ᠬᠥᠮᠦᠵᠢᠯ ᠡᠮ ᠡᠮᠨᠡᠯᠭᠡ ᠶᠢᠨ ᠦᠢᠯᠡᠰ ᠤᠨ ᠴᠢᠨᠠᠷ ᠰᠠᠶᠢᠲᠠᠢ | ᠲᠡᠩᠴᠡᠭᠦᠷᠢᠲᠡᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠡᠯ᠎ᠡ ᠵᠦᠢᠯ ᠤᠨ ᠠᠵᠢᠯ ᠬᠢᠯᠠᠰ ᠴᠡᠭ ᠲᠠᠢ ᠪᠥᠭᠡᠳ ᠦᠷ᠎ᠡ ᠪᠦᠲᠦᠮᠵᠢ ᠲᠠᠢ ᠪᠠᠶᠢᠬᠤ᠂ ᠦᠨᠳᠦᠰᠦᠨ ᠱᠠᠲᠤᠨ ᠤ | ᠨᠠᠮ ᠤᠨ ᠭᠡᠰᠢᠭᠦᠨ ᠺᠠᠳ᠋ᠷ ᠤᠨ ᠴᠤᠭ ᠰᠦᠯᠳᠡ ᠬᠤᠪᠢᠷᠠᠯᠲᠠ ᠲᠠᠢ ᠪᠥᠭᠡᠳ ᠳᠡᠭᠡᠭᠰᠢᠯᠡᠯᠲᠡ ᠲᠠᠢ ᠪᠠᠶᠢᠬᠤ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠡᠨᠡᠷᠢᠯ ᠳᠤ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠡᠢ᠃ | ᠬᠤᠲᠠ ᠶᠢᠨ ᠤᠳᠤᠷᠢᠳᠤᠯᠭ᠎ᠠ ᠸᠠᠩ ᠬᠠᠢ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |