ᠬᠥᠬᠡᠬᠤᠲᠠ ᠶᠢᠨ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠢ ᠪᠡᠯᠭᠡᠯᠡᠭᠦ ᠠᠵᠢᠯᠯᠠᠭ᠎ᠠ ᠤᠳᠬ᠎ᠠ ᠠᠭᠤᠯᠭ᠎ᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2023/9/22
       ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠸ᠎ᠠ︶ ᠲᠦᠷᠦᠬᠦᠬᠡᠨ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠣᠪᠴᠢᠶ᠎ᠠ᠂ ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠭᠰᠡᠨ ︽ᠡᠯᠪᠡᠭ ᠬᠤᠷᠢᠶᠠᠯᠲᠠ ᠶᠢ ᠪᠡᠯᠭᠡᠯᠡᠵᠦ ᠡᠶ᠎ᠡ ᠵᠤᠬᠢᠴᠠᠩᠭᠤᠢ ᠶᠢ ᠠᠬᠢᠭᠤᠯᠬᠤ︾ 2023 ᠣᠨ ᠤ ᠬᠥᠬᠡᠬᠤᠲᠠ ᠶᠢᠨ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠢ ᠪᠡᠯᠬᠡᠯᠡᠬᠦ ᠠᠵᠢᠯᠯᠠᠭ᠎ᠠ ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠳᠤ ᠶᠠᠪᠤᠭᠳᠠᠪᠠ᠃      ᠳᠤᠰ ᠠᠵᠢᠯᠯᠠᠭ᠎ᠠ ᠳᠤ ᠬᠥᠬᠡᠬᠤᠲᠠ ᠶᠢᠨ 9 ᠬᠤᠰᠢᠭᠤ ᠰᠢᠶᠠᠨ ᠲᠣᠭᠤᠷᠢᠭ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠣᠷᠣᠰᠢᠨ ᠰᠠᠭᠤᠷᠢᠰᠢᠬᠤ ᠪᠠ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠰᠠᠯᠲᠠ ᠶᠢᠨ ᠲᠠᠯ᠎ᠠ ᠪᠠᠷ ᠬᠢ ᠠᠵᠢᠯ ᠤᠨ ᠦᠷ᠎ᠡ ᠪᠦᠲᠦᠮᠵᠢ ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ᠬᠤᠲᠠ ᠬᠥᠳᠡᠭᠡ ᠶᠢᠨ ᠬᠢᠨ ᠡᠯᠪᠡᠭ ᠬᠤᠷᠢᠶᠠᠯᠲᠠ ᠶᠢ ᠬᠠᠮᠲᠤ ᠪᠠᠷ ᠪᠡᠯᠭᠡᠯᠡᠵᠦ ᠪᠠᠶᠠᠷ ᠪᠠᠶᠠᠰᠤᠯ ᠢ ᠬᠠᠮᠲᠤ ᠪᠠᠷ ᠡᠳ᠋ᠯᠡᠭᠰᠡᠨ ᠪᠠᠶᠢᠨ᠎ᠠ᠃ ᠠᠵᠢᠯᠯᠠᠭ᠎ᠠ ᠳᠡᠭᠡᠷ᠎ᠡ᠂ ᠪᠦᠬᠦ ᠤᠯᠤᠰ ᠤᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠬᠥᠳᠡᠯᠮᠦᠷᠢ ᠶᠢᠨ ᠵᠢᠱᠢᠶᠡᠴᠢ᠂ ᠪᠦᠬᠦ ᠤᠯᠤᠰ ᠤᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠲᠡᠷᠢᠭᠦᠨ ᠤ ᠠᠵᠢᠯᠲᠠᠨ ᠳᠤ ᠱᠠᠩᠨᠠᠯ ᠣᠯᠭᠤᠵᠤ᠂ ᠲᠠᠷᠢᠶᠠᠯᠠᠩ ᠢ ᠲᠤᠰᠠᠯᠠᠬᠤ ᠨᠢᠭᠡᠴᠢ ᠶᠢᠨ ᠲᠥᠯᠥᠭᠡᠯᠡᠭᠴᠢ᠂ ᠨᠤᠲᠤᠭ ᠲᠠᠭᠠᠨ ᠪᠤᠴᠠᠭᠰᠠᠨ ᠵᠠᠯᠠᠭᠤᠴᠤᠳ ᠤᠨ ᠲᠥᠯᠥᠭᠡᠯᠡᠭᠴᠢ ᠪᠠᠶᠠᠷ ᠤᠨ ᠦᠭᠡ ᠬᠡᠯᠡᠭᠰᠡᠨ ᠪᠠᠶᠢᠨ᠎ᠠ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠠᠬᠢ ᠲᠠᠷᠢᠶᠠᠯᠠᠩ ᠤᠨ ᠪᠦᠲᠦᠭᠡᠭᠳᠡᠬᠦᠨ ᠤ 116 ᠦᠵᠡᠭᠦᠯᠭᠡ ᠶᠢᠨ ᠲᠣᠭᠤᠷᠢᠭ ᠲᠤ ᠡᠯ᠎ᠡ ᠭᠠᠵᠠᠷ ᠡᠯ᠎ᠡ ᠭᠠᠴᠠᠭ᠎ᠠ ᠲᠣᠰᠬᠤᠨ ᠤ ᠥᠪᠡᠷᠮᠢᠴᠡ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠢ ᠲᠠᠯᠬᠡᠨ ᠦᠵᠡᠬᠦᠯᠪᠡ᠃ ᠲᠠᠷᠢᠶᠠᠯᠠᠩ ᠤᠨ ᠰᠣᠶᠣᠯ ᠢ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ 2 ᠲᠣᠭᠤᠷᠢᠭ ᠲᠤ ᠡᠷᠳᠡᠨ ᠤ ᠦᠶ᠎ᠡ ᠶᠢᠨ ᠲᠠᠷᠢᠶᠠᠯᠠᠩ ᠤᠨ ᠪᠠᠭᠠᠵᠢ ᠬᠡᠷᠡᠭᠰᠡᠯ ᠢ ᠳᠡᠯᠭᠡᠨ ᠦᠵᠡᠭᠦᠯᠵᠦ᠂ ᠲᠠᠷᠢᠶᠠᠯᠠᠩ ᠤᠨ ᠬᠥᠭᠵᠢᠯᠲᠡ ᠶᠢᠨ ᠬᠤᠪᠢᠷᠠᠯᠲᠠ ᠶᠢ ᠬᠠᠷᠠᠭᠤᠯᠤᠭᠰᠠᠨ ᠪᠠᠶᠢᠨ᠎ᠠ᠃ ᠡᠨᠡ ᠬᠦ ᠬᠤᠭᠤᠴᠠᠭᠠᠨ ᠳᠤ ᠪᠠᠰᠠ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ᠂ ᠬᠥᠳᠡᠭᠡ ᠲᠣᠰᠬᠤᠨ ᠤ ᠦᠪᠡᠷᠮᠢᠴᠡ ᠤᠨᠴᠠᠯᠢᠭ ᠲᠠᠢ ᠤᠷᠠᠨ ᠰᠠᠶᠢᠬᠠᠨ ᠤ ᠲᠣᠭᠯᠠᠯᠲᠠ᠂ ᠲᠣᠰᠬᠤᠨ ᠤ ᠰᠦᠨᠢ ᠶᠢᠨ ᠦᠳᠡᠰᠢᠯᠡᠭᠡ ᠵᠡᠷᠭᠡ ᠠᠵᠢᠯᠯᠠᠭ᠎ᠠ ᠦᠷᠨᠢᠭᠦᠯᠵᠤ᠂ ᠰᠢᠨ᠎ᠡ ᠴᠠᠭ ᠦᠶ᠎ᠡ ᠶᠢᠨ ᠰᠢᠨ᠎ᠡ ᠲᠠᠷᠢᠶᠠᠴᠢᠨ ᠤ ᠰᠢᠨ᠎ᠡ ᠲᠦᠷᠢ ᠲᠦᠷᠭᠦ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠲᠠᠷᠢᠶᠠᠴᠢᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠡᠷᠴᠢ ᠵᠣᠷᠢᠭ ᠢ ᠴᠢᠨᠠᠭᠰᠢᠳᠠ ᠬᠥᠭᠵᠢᠭᠡᠪᠡ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ