ᠪᠦᠬᠦ ᠬᠤᠳᠠ ᠶᠢᠨ ᠨᠠᠮ ᠤᠨ ᠪᠠᠶᠢᠭᠤᠯᠤᠯᠲᠠ ᠪᠠᠷ ᠬᠤᠳᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠬᠥᠲᠥᠯᠥᠨ ᠳᠠᠭᠠᠭᠤᠯᠬᠤ ᠠᠬᠤᠢ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/25
                ᠵᠠᠩ ᠬᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ      ︵ᠰᠤᠷᠪᠤᠯᠵᠢᠯᠠᠭᠴᠢ ᠠᠷᠢᠭᠤᠨ᠎ᠠ ᠳᠠᠳᠤᠯᠭ᠎ᠠ ᠶᠢᠨ ᠰᠤᠷᠪᠤᠯᠵᠢᠯᠠᠭᠴᠢ ᠯᠢᠦ ᠶᠠᠨ ᠰᠢᠶᠠ︶ 9 ᠳ᠋ᠦ᠋ᠭᠡᠷ ᠰᠠᠷ᠎ᠠ ᠶᠢᠨ 22 ᠤᠨ ᠡᠳᠦᠷ᠂ ᠪᠥᠬᠦ ᠬᠤᠲᠠ ᠶᠢᠨ ᠨᠠᠮ ᠤᠨ ᠪᠠᠶᠢᠭᠤᠯᠤᠯᠲᠠ ᠪᠠᠷ ᠬᠤᠲᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠬᠥᠲᠥᠯᠥᠨ ᠳᠠᠭᠠᠭᠤᠯᠬᠤ ᠠᠬᠤᠢ ᠲᠠᠯᠠᠪᠠᠢ ᠶᠢᠨ ᠬᠤᠷᠠᠯ ᠬᠤᠷᠠᠯᠳᠤᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠬᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠤᠷᠠᠯ ᠨᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠲᠥᠪᠯᠡᠷᠡᠭᠦᠯᠦᠨ ᠬᠤᠷᠠᠯ ᠬᠢᠬᠦ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠵᠠᠢ᠃ ᠡᠩ ᠲᠡᠷᠢᠭᠦᠨ ᠳᠤ᠂ ᠬᠤᠷᠠᠯ ᠳᠤ ᠣᠷᠣᠯᠴᠠᠭᠰᠠᠳ ᠳᠤᠭᠤᠶᠢᠯᠠᠩ ᠬᠤᠪᠢᠶᠠᠨ ᠬᠤᠲᠠ ᠶᠢᠨ ᠳᠥᠷᠪᠡᠨ ᠲᠣᠭᠤᠷᠢᠭ᠂ ᠲᠦᠮᠡᠳ ᠵᠡᠭᠦᠨ ᠬᠤᠰᠢᠭᠤᠨ ᠤ ᠵᠢᠨᠴᠤᠸᠠᠨ ᠣᠷᠣᠨ ᠤ 10 ᠨᠡᠶᠢᠭᠡᠮ ᠲᠣᠭᠤᠷᠢᠭ ᠲᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠣᠥᠷᠵᠢᠭᠤᠯᠤᠭᠰᠠᠨ ᠬᠠᠮᠢᠶᠠᠷᠤᠯᠲᠠ᠂ ᠨᠠᠮ ᠤᠨ ᠪᠠᠶᠢᠭᠤᠯᠤᠯᠲᠠ ᠶᠢ ᠬᠤᠯᠪᠤᠭᠠᠯᠠᠨ ᠪᠠᠶᠢᠭᠤᠯᠬᠤ ᠬᠠᠮᠲᠤ ᠪᠠᠷ ᠪᠠᠶᠢᠭᠤᠯᠬᠤ ᠵᠡᠷᠭᠡ ᠣᠨᠴᠠᠯᠢᠭᠲᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ ᠢ ᠭᠦᠨᠵᠡᠭᠡᠢ ᠣᠶᠢᠯᠠᠭᠠᠪᠠ᠃ ᠳᠠᠷᠠᠭᠠᠪᠠᠷ ᠨᠢ ᠬᠤᠷᠠᠯᠳᠤᠭᠰᠠᠨ ᠲᠥᠪᠯᠡᠷᠡᠭᠰᠡᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠣᠭᠤᠷᠢᠨ ᠦᠵᠡᠵᠦ ᠰᠢᠨᠵᠢᠯᠡᠨ ᠪᠠᠶᠢᠴᠠᠭᠠᠭᠰᠠᠨ᠂ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠠᠶᠢᠳᠠᠯ ᠢᠶᠠᠨ ᠦᠨᠳᠦᠰᠦᠯᠡᠨ᠂ ᠬᠤᠳᠠ ᠶᠢᠨ ᠲᠦᠷᠪᠡᠨ ᠲᠣᠭᠤᠷᠢᠭ᠂ ᠲᠦᠮᠡᠳ ᠵᠡᠭᠦᠨ ᠬᠤᠰᠢᠭᠤᠨ ᠤ ᠨᠠᠮ ᠤᠨ ᠪᠠᠶᠢᠭᠤᠯᠤᠯᠲᠠ ᠪᠠᠷ ᠬᠤᠳᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠬᠥᠲᠥᠯᠥᠨ ᠳᠠᠭᠠᠭᠤᠯᠬᠤ ᠠᠵᠢᠯ ᠳᠤ ᠬᠤᠪᠢ ᠥᠭᠬᠦ ᠶᠢᠨ ᠬᠠᠮᠲᠤ ᠰᠠᠨᠠᠭᠤᠯᠭ᠎ᠠ ᠳᠤᠷᠠᠳᠪᠠ᠃      ᠵᠠᠩ ᠬᠠᠢ ᠹᠧᠩ ᠶᠠᠷᠢᠶᠠᠨ ᠳᠠᠭᠠᠨ᠂ ᠪᠦᠬᠦ ᠬᠤᠳᠠ ᠶᠢᠨ ᠲᠣᠣᠷᠵᠢᠯᠲᠠ ᠶᠢᠨ ᠠᠵᠢᠯ ᠤᠨ ᠴᠢᠭᠯᠡᠯ ᠢ ᠭᠤᠶᠢᠪᠢᠰᠢ ᠦᠭᠡᠢ ᠪᠠᠲᠤ ᠡᠵᠡᠮᠳᠡᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠡᠨᠡᠬᠦ ᠬᠥᠯᠭᠡ ᠰᠢᠲᠠᠷ᠎ᠠ ᠶᠢ ᠠᠮᠢᠳᠤᠯᠢᠭᠵᠢᠭᠤᠯᠬᠤ ᠬᠡᠷᠡᠭᠲᠡᠢ᠃ ᠬᠥᠮᠥᠨ ᠪᠦᠬᠦᠨ ᠬᠠᠷᠢᠭᠤᠴᠠᠯᠭ᠎ᠠ ᠲᠠᠢ᠂ ᠬᠥᠮᠥᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠮᠥᠨ ᠪᠦᠬᠦᠨ ᠡᠳ᠋ᠯᠡᠬᠦ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠲᠦᠷᠭᠡᠨ ᠪᠠᠶᠢᠭᠤᠯᠵᠤ᠂ ᠦᠨᠳᠦᠰᠦᠨ ᠱᠠᠲᠤᠨ ᠤ ᠠᠵᠢᠯ ᠢ ᠪᠦᠲᠦᠮᠵᠢᠲᠡᠢ ᠬᠠᠮᠢᠶᠠᠷᠬᠤ᠂ ᠤᠨᠢᠨ ᠳᠡᠭᠡᠷ᠎ᠡ ᠨᠢ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠱᠠᠩ ᠵᠢᠩ ᠮᠢᠨ᠂ ᠰᠢᠨ᠎ᠡ᠂ ᠭᠧ ᡁᠢ ᠮᠢᠨ ᠣᠷᠣᠯᠴᠠᠵᠠᠢ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ