ᠪᠦᠬᠦ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/25
                            ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠶᠠᠩ ᠼᠠᠢ ᠰᠢᠶᠠ︶ 9 ᠳ᠋ᠦ᠋ᠭᠡᠷ ᠰᠠᠷ᠎ᠠ ᠶᠢᠨ 22 ᠤᠨ ᠡᠳᠦᠷ᠂ ᠪᠥᠬᠦ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠡᠷᠦᠩᠬᠡᠢ ᠦᠨᠡᠯᠡᠯᠲᠡ ᠬᠢᠪᠡ᠃      ᠬᠤᠷᠠᠯ ᠳᠡᠭᠡᠷ᠎ᠡ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ 8 ᠳ᠋ᠤᠭᠠᠷ ᠰᠠᠷ᠎ᠠ ᠶᠢᠨ ᠪᠥᠬᠦ ᠬᠤᠲᠠ ᠶᠢᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠮᠡᠳᠡᠭᠳᠡᠪᠡ︔ ᠬᠤᠲᠠ ᠶᠢᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠵᠢᠯᠣᠭᠤᠳᠤᠨ ᠲᠣᠬᠢᠷᠠᠭᠤᠯᠬᠤ ᠲᠥᠪ ᠠᠴᠠ 8 ᠳ᠋ᠤᠭᠠᠷ ᠰᠠᠷ᠎ᠠ ᠶᠢᠨ ᠪᠥᠬᠦ ᠬᠤᠲᠠ ᠶᠢᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃ ᠬᠡᠰᠡᠭ ᠭᠠᠵᠠᠷ ᠣᠷᠣᠨ᠂ ᠰᠠᠯᠠᠭ᠎ᠠ ᠮᠥᠴᠢᠷ ᠤᠨ ᠬᠢᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠾᠧ ᠬᠠᠢ ᠳ᠋ᠦᠩ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠬᠦᠷᠢᠶᠡᠨ ᠤ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠨᠠᠷᠢᠨ ᠬᠢᠨᠠᠮᠠᠭᠠᠢ ᠡᠮᠬᠢᠯᠡᠵᠦ᠂ ᠲᠡᠭᠦᠨ ᠤ ᠳᠣᠲᠣᠷ᠎ᠠ ᠣᠷᠣᠰᠢᠵᠤ ᠪᠠᠶᠢᠭ᠎ᠠ ᠠᠰᠠᠭᠤᠳᠠᠯ ᠢ ᠣᠨᠣᠪᠴᠢᠲᠠᠢ ᠵᠠᠳᠠᠯᠵᠤ ᠰᠤᠳᠤᠯᠤᠨ ᠮᠠᠭᠠᠳᠯᠠᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠲᠤᠭ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠡᠷᠭᠡ ᠭᠤᠣᠯᠳᠠᠯᠭ᠎ᠠ ᠶᠢ ᠠᠩᠬᠠᠷᠴᠤ᠂ ᠨᠡᠮᠡᠭᠳᠡᠯ ᠤᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠡᠯ᠎ᠡ ᠲᠦᠷᠦᠯ ᠤᠨ ᠭᠦᠢᠴᠡᠳᠬᠡᠯ ᠲᠤᠭ᠎ᠠ ᠶᠢ ᠯᠠᠪᠳᠠᠭᠤᠨ ᠠᠳᠬᠤᠵᠤ᠂ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠦᠷᠢᠶᠡᠨ ᠤ ᠲᠥᠷᠥᠯ ᠵᠦᠢᠯ ᠢ ᠲᠠᠬᠢᠨᠳᠠ ᠡᠮᠬᠢᠯᠡᠨ ᠪᠦᠷᠢᠳᠬᠡᠵᠦ᠂ ᠢᠷᠡᠬᠦ ᠵᠢᠯ ᠤᠨ ᠲᠥᠷᠥᠯ ᠵᠦᠢᠯ ᠢ ᠤᠷᠢᠳᠴᠢᠯᠠᠨ ᠲᠥᠯᠥᠪᠯᠡᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠨᠠᠷᠢᠯᠢᠭ ᠣᠨᠣᠴᠠᠲᠠᠢ᠂ ᠪᠣᠳᠠᠲᠠᠢ ᠳᠤ ᠨᠡᠶᠢᠴᠡᠭᠦᠯᠵᠦ᠂ ᠬᠤᠳᠠᠯᠳᠤᠭᠠᠴᠢᠨ ᠤᠷᠢᠬᠤ ᠲᠥᠷᠥᠯ ᠵᠦᠢᠯ ᠢ ᠲᠣᠰ ᠪᠡᠶ᠎ᠡ ᠶᠢᠨ ᠠᠵᠤ ᠦᠢᠯᠡᠰ ᠤᠨ ᠪᠠᠶᠢᠷᠢ ᠲᠣᠭᠲᠠᠭᠠᠯᠲᠠ ᠳᠤ ᠨᠡᠶᠢᠴᠡᠭᠦᠯᠬᠦ ᠬᠡᠷᠡᠭᠲᠡᠢ᠃ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠬᠠᠨᠳᠤᠯᠭᠠᠲᠤ ᠴᠢᠨᠠᠷᠲᠠᠢ ᠪᠠᠷ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠠᠰᠠᠭᠤᠳᠠᠯ ᠢ ᠦᠨᠳᠦᠰᠦᠨ ᠠᠴᠠ ᠨᠢ ᠰᠠᠶᠢᠲᠤᠷ ᠰᠢᠢᠳᠪᠦᠷᠢᠯᠡᠵᠦ᠂ ᠪᠣᠳᠠᠲᠠᠢ ᠳᠤ ᠬᠦᠷᠲᠡᠯ᠎ᠡ ᠭᠦᠢᠴᠡᠳᠬᠡᠬᠦ ᠬᠡᠷᠡᠭᠲᠡᠢ᠃ ᠡᠭᠦᠨ ᠤ ᠬᠠᠮᠲᠤ᠂ ᠳᠤᠯᠠᠭᠠᠯᠠᠭ᠎ᠠ ᠬᠠᠩᠭᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠬᠤᠲᠠ ᠶᠢᠨ ᠣᠯᠠᠨ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠯᠢᠦ ᠵᠢᠢ ᠶᠢᠩ᠂ ᠵᠠᠩ ᠵᠢᠢ ᠹᠧᠢ᠂ ᠵᠢᠶᠣᠣ ᠬᠤᠩ᠂ ᠮᠠ ᠪᠢᠩ ᠴᠢᠤᠸᠠᠨ᠂ ᠯᠢ ᠰᠢᠶᠣᠣ ᠶᠠᠨ᠂ ᠹᠦ᠋ ᠶᠢᠨ ᠽᠠᠢ ᠬᠤᠷᠠᠯ ᠳᠤ ᠣᠷᠣᠯᠴᠠᠪᠠ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ