ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/25
              ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠤ᠋︶ 9 ᠳ᠋ᠦ᠋ᠭᠡᠷ ᠰᠠᠷ᠎ᠠ ᠶᠢᠨ 22 ᠤᠨ ᠡᠳᠦᠷ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠶᠢᠷ᠎ᠠ ᠶᠢᠨ ᠬᠤᠭᠤᠴᠠᠭᠠᠨ ᠤ ᠴᠢᠬᠤᠯᠠ ᠬᠤᠷᠠᠯ᠂ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ   ᠦᠵᠡᠯᠲᠡ ᠪᠣᠳᠣᠯ ᠢᠶᠠᠨ ᠰᠣᠯᠢᠯᠴᠠᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧ ᠬᠠᠢ ᠳ᠋ᠦᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠡᠳᠦᠷ ᠳᠤᠳᠤᠮ ᠤᠨ ᠠᠵᠢᠯ ᠲᠠᠢ ᠪᠠᠨ ᠤᠶᠠᠯᠳᠤᠭᠤᠯᠤᠨ ᠢᠯᠡᠭᠦᠬᠡᠨ ᠰᠤᠳᠤᠯᠵᠤ᠂ ᠢᠯᠡᠭᠦᠬᠡᠨ ᠬᠠᠷᠭᠤᠭᠤᠯᠵᠤ᠂ ᠢᠯᠡᠭᠦᠬᠡᠨ ᠪᠠᠶᠢᠴᠠᠭᠠᠨ ᠳᠡᠯᠭᠡᠵᠦ᠂ ᠬᠠᠮᠢᠶ᠎ᠠ ᠪᠦᠬᠦᠢ ᠠᠵᠢᠯ ᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ ᠬᠡᠷᠡᠭᠲᠡᠢ︔ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠥᠪᠡᠷᠲᠡᠭᠡᠨ ᠰᠤᠷᠤᠯᠴᠠᠬᠤ ᠪᠠ ᠲᠤᠰᠬᠠᠢ ᠰᠡᠳᠦᠪᠲᠦ ᠪᠣᠯᠪᠠᠰᠤᠷᠠᠭᠤᠯᠤᠯ᠂  ᠦᠵᠡᠯᠲᠡ ᠪᠣᠳᠣᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠬᠡ ᠲᠠᠩᠰᠠ ᠶᠢ ᠨᠠᠷᠢᠯᠢᠭᠵᠢᠭᠤᠯᠵᠤ᠂ ᠠᠵᠤ ᠦᠢᠯᠡᠰ ᠤᠨ ᠬᠥᠭᠵᠢᠯᠲᠡ᠂ ᠠᠮᠢ ᠠᠬᠤᠢ ᠶᠢᠨ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ︔ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠪᠣᠯᠣᠨ ᠡᠭᠦᠷᠭᠡ ᠬᠠᠷᠠᠯᠲᠠ ᠶᠢ ᠣᠨᠣᠪᠴᠢᠲᠠᠢ ᠡᠵᠡᠮᠳᠡᠵᠦ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠦᠨᠡᠨ ᠪᠣᠳᠠᠲᠠᠢ ᠬᠥᠭᠵᠢᠯᠲᠡ ᠶᠢᠨ ᠦᠷ᠎ᠡ ᠪᠦᠲᠦᠭᠡᠯ ᠢᠶᠠᠷ ᠭᠤᠣᠯ ᠰᠡᠳᠦᠪᠲᠦ ᠬᠥᠮᠦᠵᠢᠯ ᠤᠨ ᠪᠣᠳᠠᠲᠠᠢ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ ᠭᠡᠵᠡᠢ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ