ᠾᠧ ᠬᠠᠢ ᠳ᠋ᠦᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠯᠢᠶᠠᠩ ᠵᠢᠩ ᠱᠤ᠋︶ 9 ᠳ᠋ᠦ᠋ᠭᠡᠷ ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ | ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠥᠬᠡᠬᠤᠲᠠ ᠶᠢᠨ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ︽ᠬᠥᠬᠡᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ︿ᠲᠤᠶᠢᠯ ᠤᠨ ᠲᠥᠬᠦᠮ ᠬᠢᠨᠠᠨ ᠵᠥᠪᠰᠢᠶᠡᠷᠡᠬᠦ﹀ ᠠᠷᠭ᠎ᠠ | ᠬᠡᠮᠵᠢᠶ᠎ᠡ ᠨᠦᠭᠦᠳ︾ ︽ᠬᠥᠬᠡᠬᠤᠲᠠ ᠶᠢᠨ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ︿ᠭᠠᠵᠠᠷ ᠣᠯᠣᠮᠠᠭᠴᠠ ᠠᠵᠢᠯ ᠡᠬᠢᠯᠡᠭᠦᠯᠬᠦ﹀ | ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠣᠬᠢᠷᠲᠤᠯ ᠶᠡᠬᠡᠲᠡᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ | ᠮᠧᠬᠠᠨᠢᠭ ᠬᠡᠷᠡᠭᠯᠡᠬᠦ ᠶᠢ ᠴᠠᠭᠠᠵᠠᠯᠠᠬᠤ ᠣᠷᠣᠨ ᠪᠦᠰᠡ ᠶᠢ ᠵᠠᠭᠠᠭᠯᠠᠨ ᠲᠣᠭᠲᠠᠭᠠᠬᠤ ᠲᠤᠬᠠᠢ ᠵᠠᠷᠯᠠᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ᠂ ︽ᠬᠥᠬᠡᠬᠤᠲᠠ ᠶᠢᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾᠂ ︽ᠬᠥᠬᠡᠬᠤᠲᠠ ᠶᠢᠨ ᠭᠤᠣᠯᠳᠠᠯᠭ᠎ᠠ ᠲᠠᠢ | ᠲᠦᠷᠦᠯ ᠵᠦᠢᠯ ᠤᠨ ︿ᠲᠤᠶᠢᠯ ᠤᠨ ᠲᠦᠬᠦᠮ ᠬᠢᠨᠠᠨ ᠵᠥᠪᠰᠢᠶᠡᠷᠡᠬᠦ﹀ ᠠᠷᠭ᠎ᠠ ᠬᠡᠮᠵᠢᠶ᠎ᠡ ᠨᠦᠭᠦᠳ︾᠂ ︽ᠬᠥᠬᠡᠬᠤᠲᠠ ᠶᠢᠨ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ | ᠲᠥᠷᠥᠯ ᠵᠦᠢᠯ ᠤᠨ ︿ᠭᠠᠵᠠᠷ ᠣᠯᠣᠮᠠᠭᠴᠠ ᠠᠵᠢᠯ ᠡᠬᠢᠯᠡᠭᠦᠯᠬᠦ﹀ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠲᠤᠭᠤᠷᠪᠢᠭᠰᠠᠨ ᠨᠢ ᠮᠠᠨ ᠤ ᠬᠤᠲᠠ ᠶᠢᠨ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ︽ᠪᠣᠭᠤᠮᠢ︾ ᠠᠰᠠᠭᠤᠳᠠᠯ ᠢ | ᠰᠢᠢᠳᠪᠦᠷᠢᠯᠡᠵᠦ᠂ ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠵᠣᠬᠢᠴᠠᠭᠤᠯᠤᠨ | ᠬᠠᠮᠵᠢᠯᠴᠠᠬᠤ ᠪᠠᠨ ᠴᠢᠩᠭᠠᠳᠬᠠᠵᠤ᠂ ᠬᠠᠮᠢᠶ᠎ᠠ ᠪᠦᠬᠦᠢ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠵᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢᠶᠠᠨ ᠵᠢᠷᠤᠮᠵᠢᠯ ᠲᠠᠢ ᠡᠮᠬᠢ ᠵᠢᠷᠤᠮ ᠲᠠᠢ ᠥᠨᠳᠥᠷ ᠦᠷ᠎ᠡ ᠪᠦᠲᠦᠮᠵᠢᠲᠡᠶ ᠥᠷᠨᠢᠭᠦᠯᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠣᠬᠢᠷᠲᠤᠯ ᠶᠡᠬᠡᠲᠡᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ | ᠮᠧᠬᠠᠨᠢᠭ ᠬᠡᠷᠡᠭᠯᠡᠬᠦ ᠶᠢ ᠴᠠᠭᠠᠵᠠᠯᠠᠬᠤ ᠣᠷᠣᠨ ᠪᠦᠰᠡ ᠶᠢ ᠦᠨᠡᠨᠬᠦ ᠵᠠᠭᠠᠭᠯᠠᠨ ᠲᠣᠭᠲᠠᠭᠠᠵᠤ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠤᠨ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠵᠤ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ |