ᠪᠣᠣ ᠭᠠᠩ ᠣᠷᠣᠯᠴᠠᠵᠠᠢ | ︵ᠰᠤᠷᠪᠤᠯᠵᠢᠯᠠᠭᠴᠢ ᠶᠦᠨ ᠵᠢᠩ︶ 9 ᠳ᠋ᠤᠭᠡᠷ ᠰᠠᠷ᠎ᠠ ᠶᠢᠨ 23 ᠤ ᠡᠳᠦᠷ᠂ ᠰᠤᠷᠭᠠᠨ ᠬᠥᠮᠦᠵᠢᠯ ᠤᠨ ᠶᠠᠮᠤᠨ ᠤ ᠨᠡᠷᠡᠳᠦ ᠪᠠᠭᠰᠢ ᠨᠡᠷᠡᠳᠦ ᠰᠤᠷᠭᠠᠭᠤᠯᠢ ᠶᠢᠨ ᠵᠠᠬᠢᠷᠤᠯ ᠳᠤ | ᠫᠠᠶᠢᠰᠠ ᠣᠯᠭᠤᠬᠤ ᠶᠣᠰᠣᠯᠠᠯ ᠵᠢᠴᠢ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠪᠠᠶᠢᠭᠤᠯᠤᠭᠳᠠᠭᠰᠠᠨ 120 ᠵᠢᠯ ᠤᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠠᠵᠢᠯᠯᠠᠭ᠎ᠠ ᠶᠠᠪᠤᠭᠳᠠᠭᠰᠠᠨ ᠪᠥᠭᠡᠳ ᠪᠦᠬᠦ ᠤᠯᠤᠰ᠂ ᠪᠦᠬᠦ ᠣᠷᠣᠨ ᠤ 230 ᠭᠠᠷᠤᠢ ᠨᠡᠷᠡᠳᠦ ᠪᠠᠭᠰᠢ᠂ ᠨᠡᠷᠡᠳᠦ | ᠰᠤᠷᠭᠠᠭᠤᠯᠢ ᠶᠢᠨ ᠵᠠᠬᠢᠷᠤᠯ ᠢ ᠤᠷᠢᠵᠤ ︽ᠰᠤᠷᠭᠠᠨ ᠬᠦᠮᠦᠵᠢᠯᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ︾ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠬᠥᠭᠵᠢᠯᠲᠡ ᠳᠤ ᠵᠥᠪᠯᠡᠯᠭᠡ ᠥᠭᠬᠦ ᠬᠤᠷᠠᠯ ᠳᠤ ᠣᠷᠣᠯᠴᠠᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠬᠠᠮᠲᠤᠪᠠᠷ ᠰᠦᠪᠡᠭᠴᠢᠯᠡᠵᠦ | ᠂ ᠵᠠᠭᠤᠨ ᠵᠢᠯ ᠤᠨ ᠰᠤᠷᠭᠠᠭᠤᠯᠢ ᠶᠢᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠬᠠᠮᠲᠤᠪᠠᠷ ᠭᠡᠷᠡᠴᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠣᠷᠣᠯᠴᠠᠪᠠ᠃ | ᠶᠣᠰᠣᠯᠠᠯ ᠳᠡᠭᠡᠷ᠎ᠡ᠂ ᠰᠤᠷᠭᠠᠨ ᠬᠥᠮᠦᠵᠢᠯ ᠤᠨ ᠶᠠᠮᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠠ ᠬᠡᠦᠬᠡᠳ ᠤᠨ ᠴᠡᠴᠡᠷᠯᠢᠭ ᠤᠨ ᠳᠠᠷᠤᠭ᠎ᠠ ᠶᠢᠨ ᠤᠯᠤᠰ ᠤᠨ | ᠲᠠᠰ ᠤᠨ ᠪᠣᠯᠪᠠᠰᠤᠷᠠᠭᠤᠯᠤᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠢᠦᠢ ᠸᠧᠢ ᠲᠤᠸ᠂ ᠰᠤᠷᠭᠠᠨ ᠬᠥᠮᠦᠵᠢᠯ ᠤᠨ ᠶᠠᠮᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠭᠤᠣᠯᠯᠠᠭᠴᠢ ᠪᠠᠭᠰᠢ ᠶᠢᠨ ᠪᠣᠯᠪᠠᠰᠤᠷᠠᠭᠤᠯᠤᠯ ᠤᠨ ᠲᠥᠷᠥᠯ ᠵᠦᠢᠯ ᠤᠨ ᠭᠦᠢᠴᠡᠳᠬᠡᠬᠦ ᠠᠯᠪᠠᠨ ᠭᠡᠷ ᠤᠨ ᠡᠷᠬᠢᠯᠡᠭᠴᠢ ᠰᠢᠶᠠ ᠯᠠᠨ ᠶᠠᠷᠢᠶ᠎ᠠ ᠲᠠᠯᠪᠢᠵᠤ᠂ ᠰᠦ ᠮᠧᠩ | ᠂ ᠱᠢ ᠳ᠋ᠦᠩ ᠰᠢᠶᠠᠩ᠂ ᠵᠧᠦ ᠵᠢᠩ ᠮᠢᠩ᠂ ᠯᠢᠦ ᠱᠢ ᠳ᠋ᠦᠩ᠂ ᠮᠠ ᠪᠥᠸᠧ᠂ ᠽᠢ ᠾᠦᠢ ᠶᠢᠨ ᠨᠠᠷᠠᠲᠤ ᠪᠠᠭᠰᠢ ᠨᠠᠷᠠᠲᠤ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ ᠲᠤ | ᠫᠠᠶᠢᠰᠠ ᠣᠯᠭᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠬᠠᠢ ᠹᠧᠩ ᠨᠠᠷ ᠬᠤᠲᠠ ᠶᠢᠨ | ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭ᠎ᠠ ᠨᠡᠭᠦᠷᠡᠰᠦᠳᠦ᠋ᠷᠦᠭᠴᠢᠲᠦ ᠰᠤᠷᠭᠠᠭᠤᠯᠢ ᠶᠢᠨ ᠬᠦᠷᠢᠶᠡᠨ ᠤ ᠲᠥᠷᠥᠯ ᠵᠦᠢᠯ ᠢ ᠡᠬᠢᠯᠡᠭᠦᠯᠵᠦ᠂ ᠰᠤᠷᠭᠠᠨ ᠬᠥᠮᠦᠵᠢᠯ ᠤᠨ ᠶᠠᠮᠤᠨ ᠤ | ᠳᠤᠮᠳᠠᠳᠤ ᠰᠤᠷᠭᠠᠭᠤᠯᠢ ᠶᠢᠨ ᠵᠠᠬᠢᠷᠤᠯ ᠤᠨ ᠪᠣᠯᠪᠠᠰᠤᠷᠠᠭᠤᠯᠤᠯ ᠤᠨ ᠲᠥᠪ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ ᠪᠦᠬᠦᠢ | ᠤᠳᠤᠷᠢᠳᠤᠯᠭ᠎ᠠ ᠵᠢᠴᠢ ᠬᠤᠲᠠ ᠶᠢᠨ ᠳᠡᠳ᠋ ᠳᠠᠷᠤᠭ᠎ᠠ ᠹᠦ᠋ ᠶᠢᠨ ᠽᠠᠢ ᠶᠠᠷᠢᠶ᠎ᠠ ᠲᠠᠯᠪᠢᠪᠠ᠃ | ᠶᠣᠰᠣᠯᠠᠯ ᠤᠨ ᠲᠠᠷᠠᠭ᠎ᠠ᠂ ᠮᠦᠭᠳᠡᠨ ᠬᠤᠳᠠ ᠶᠢᠨ ᠬᠤᠷᠢᠨ ᠳᠣᠯᠣᠳᠤᠭᠠᠷ ᠳᠤᠮᠳᠠᠳᠤ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ | ᠰᠤᠷᠭᠠᠭᠤᠯᠢ᠂ ᠬᠤᠪᠧᠢ ᠮᠤᠵᠢ ᠶᠢᠨ ᠦᠴᠠᠩ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠭᠤᠸᠠᠩᠳᠦ᠋ᠩ ᠤᠨ ᠭᠤᠸᠠᠩ ᠶᠠ ᠳᠤᠮᠳᠠᠳᠤ ᠰᠤᠷᠭᠠᠭᠤᠯᠢ ᠶᠢᠨ ᠵᠠᠬᠢᠷᠤᠯ ᠰᠠᠭᠤᠷᠢ | ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠠᠢ᠃ | ᠣᠶᠢᠯᠠᠭᠠᠭᠰᠠᠨ ᠢᠶᠠᠷ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ 1903 ᠣᠨ ᠳᠤ ᠰᠤᠷᠭᠠᠭᠤᠯᠢ ᠪᠠᠶᠢᠭᠤᠯᠤᠭᠳᠠᠭᠰᠠᠨ ᠠᠴᠠ ᠨᠠᠰᠢ᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ 8 ᠲᠦᠮᠡ ᠭᠠᠷᠤᠢ ᠪᠣᠯᠵᠤ᠂ ᠣᠷᠣᠨ ᠤ ᠳᠣᠲᠤᠷᠠᠬᠢ ᠲᠡᠷᠢᠭᠦᠨ ᠤ | ᠰᠢᠯᠢᠳᠡᠭ ᠳᠤᠮᠳᠠᠳᠤ ᠰᠤᠷᠭᠠᠭᠤᠯᠢ ᠪᠣᠯᠵᠠᠢ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠪᠥᠬᠦ ᠲᠠᠯ᠎ᠠ ᠪᠠᠷ ᠲᠦᠯᠬᠢᠨ ᠠᠬᠢᠭᠤᠯᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ 2022 ᠣᠨ ᠤ 9 ᠰᠠᠷ᠎ᠠ ᠳᠤ᠂ ᠲᠣᠰ ᠰᠤᠷᠭᠠᠭᠤᠯᠢ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠢᠶᠠᠨ ᠡᠷᠭᠢᠯᠡᠵᠦ᠂ ᠡᠨᠡ ᠵᠢᠯ ᠤᠨ 8 ᠰᠠᠷ᠎ᠠ ᠶᠢᠨ ᠰᠡᠭᠦᠯᠴᠢ ᠪᠠᠷ᠂ ᠶᠢᠰᠦᠨ ᠵᠢᠯ ᠤᠨ ᠳᠦᠷᠢᠮᠲᠦ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠲᠤᠷᠰᠢᠯᠲᠠ ᠶᠢᠨ ᠰᠤᠷᠭᠠᠭᠤᠯᠢ ᠲᠣᠭᠲᠠᠭᠰᠠᠨ ᠬᠤᠭᠤᠴᠠᠭᠠᠨ ᠳᠠᠭᠠᠨ ᠰᠤᠷᠤᠯᠭ᠎ᠠ ᠡᠬᠢᠯᠡᠵᠦ᠂ ᠮᠠᠨ ᠤ ᠬᠤᠲᠠ ᠶᠢᠨ ᠴᠢᠨᠠᠷ ᠰᠠᠶᠢᠲᠠᠢ ᠰᠤᠷᠭᠠᠨ ᠬᠥᠮᠦᠵᠢᠯ ᠤᠨ ᠲᠡᠩᠴᠡᠭᠦᠷᠢᠲᠡᠢ | ᠬᠥᠭᠵᠢᠯᠲᠡ ᠶᠢ ᠲᠦᠯᠬᠢᠨ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ |