︽ᠰᠢ ᠶᠢᠨ ᠫᠢᠩ ᠤᠨ ᠬᠥᠮᠥᠨ ᠤ ᠡᠷᠬᠡ ᠶᠢ ᠬᠦᠨᠳᠦᠳᠬᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢᠨ ᠠᠷᠠᠪ ᠬᠡᠯᠡ᠂ ᠫᠣᠷᠲ᠋ᠦ᠋ᠭᠠᠯ ᠬᠡᠯᠡ᠂ ᠭᠧᠷᠮᠠᠨ | ᠬᠡᠯᠡ᠂ ᠰᠸᠠᠾᠢᠯᠢ ᠬᠡᠯᠡ᠂ ᠦᠷᠳᠦ᠋ ᠬᠡᠯᠡ ᠵᠢᠴᠢ ᠸᠢᠶᠧᠲᠨᠠᠮ ᠬᠡᠯᠡᠨ ᠤ ᠬᠡᠪᠯᠡᠯ ᠢ ᠣᠶᠢᠷ᠎ᠠ ᠳᠤ ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ ᠠᠴᠠ ᠬᠡᠪᠯᠡᠭᠦᠯᠦᠨ | ᠲᠠᠷᠬᠠᠭᠠᠪᠠ᠃ | ︽ᠰᠢ ᠶᠢᠨ ᠫᠢᠩ ᠤᠨ ᠬᠥᠮᠥᠨ ᠤ ᠡᠷᠬᠡ ᠶᠢ ᠬᠦᠨᠳᠦᠳᠬᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢ ᠨᠠᠮ ᠤᠨ ᠲᠥᠪ ᠬᠤᠷᠢᠶ᠎ᠠ ᠶᠢᠨ ᠨᠠᠮ ᠤᠨ | ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ 9 ᠲᠤᠰᠬᠠᠢ ᠰᠡᠳᠦᠪ ᠬᠤᠪᠢᠶᠠᠨ᠂ ᠰᠢ ᠶᠢᠨ ᠫᠢᠩ ᠨᠥᠬᠦᠷ ᠤᠨ ᠬᠥᠮᠥᠨ ᠤ | ᠡᠷᠬᠡ ᠶᠢ ᠬᠦᠨᠳᠦᠳᠬᠡᠨ ᠪᠠᠲᠤᠯᠠᠬᠤ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠶᠢ ᠰᠢᠰᠲ᠋ᠧᠮ ᠲᠠᠢ ᠬᠤᠷᠢᠶᠠᠨ ᠣᠷᠣᠭᠤᠯᠪᠠ᠃ ᠲᠤᠰ | ᠤᠳᠠᠭ᠎ᠠ ᠶᠢᠨ ᠠᠷᠠᠪ ᠬᠡᠯᠡ ᠵᠡᠷᠭᠡ 6 ᠬᠡᠯᠡᠨ ᠤ ᠬᠡᠪᠯᠡᠯ ᠢ ᠬᠡᠪᠯᠡᠨ ᠲᠠᠷᠬᠠᠭᠠᠭᠰᠠᠨ ᠨᠢ ᠤᠯᠤᠰ ᠤᠨ ᠭᠠᠳᠠᠭᠠᠳᠤ ᠶᠢᠨ ᠤᠩᠰᠢᠭᠴᠢᠳ ᠤᠨ ᠰᠢ ᠶᠢᠨ ᠫᠢᠩ ᠤᠨ | ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠬᠥᠮᠥᠨ ᠤ ᠡᠷᠬᠡ ᠶᠢ | ᠬᠦᠨᠳᠦᠳᠬᠡᠨ ᠪᠠᠲᠤᠯᠠᠭᠰᠠᠨ ᠠᠭᠤᠤ ᠶᠡᠭᠡ ᠦᠢᠯᠡᠳᠦᠯᠭᠡ ᠵᠢᠴᠢ ᠪᠦᠭᠦ ᠪᠥᠮᠪᠥᠷᠴᠡᠭ ᠤᠨ ᠬᠥᠮᠥᠨ ᠤ ᠡᠷᠬᠡ ᠶᠢᠨ ᠵᠠᠰᠠᠯᠲᠠ ᠳᠤ ᠬᠤᠪᠢ ᠨᠡᠮᠡᠷᠢ ᠦᠵᠡᠭᠦᠯᠦᠭᠰᠡᠨ | ᠳᠤᠮᠳᠠᠳᠤ ᠤᠯᠤᠰ ᠤᠨ ᠲᠥᠰᠥᠯ ᠢ ᠭᠦᠨᠵᠡᠭᠡᠢ ᠣᠶᠢᠯᠠᠭᠠᠵᠤ᠂ ᠤᠳᠤ ᠦᠶ᠎ᠡ ᠶᠢᠨ ᠳᠤᠮᠳᠠᠳᠤ ᠤᠯᠤᠰ ᠤᠨ ᠬᠥᠮᠥᠨ ᠤ ᠡᠷᠬᠡ ᠶᠢᠨ ᠦᠵᠡᠯᠲᠡ ᠶᠢᠨ ᠲᠠᠲᠠᠬᠤ ᠬᠦᠴᠦᠨ᠂ | ᠨᠥᠯᠥᠭᠡᠯᠡᠬᠦ ᠬᠦᠴᠦᠨ ᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠲᠤᠰ ᠨᠣᠮ ᠤᠨ ᠠᠩᠭ᠍ᠯᠢ ᠬᠢᠲᠠᠳ᠂ ᠹᠷᠠᠨᠼᠢ ᠬᠢᠲᠠᠳ᠂ ᠤᠷᠤᠰ ᠬᠢᠲᠠᠳ᠂ ᠢᠰᠫᠠᠨᠢ ᠬᠢᠲᠠᠳ᠂ ᠶᠠᠫᠤᠨ ᠬᠢᠲᠠᠳ ᠬᠠᠷᠢᠴᠠᠭᠤᠯᠤᠭᠰᠠᠨ ᠬᠡᠪᠯᠡᠯ ᠢ 2022 | ᠣᠨ ᠳᠤ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠲᠠᠷᠬᠠᠭᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 19 ᠤ ᠴᠠᠭᠢᠯᠭᠠᠨ ᠮᠡᠳᠡᠭᠡ︶ |